ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠶᠡᠭᠡ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2022/9/8
ᠬᠥᠬᠡᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ  ᠵᠠᠶᠢᠯᠤᠭᠤᠯᠤᠨ ᠲᠣᠬᠢᠷᠠᠭᠤᠯᠬᠤ ᠲᠥᠪ 2022 ᠣᠨ ᠤ ᠠᠷᠪᠠᠨ ᠰᠢᠯᠢᠳᠡᠭ ᠬᠠᠯᠠᠮᠰᠢᠯ ᠤᠲᠠᠰᠤᠨ ᠤ ᠥᠯᠢᠭᠡᠷ ᠳᠠᠭᠤᠷᠢᠶᠠᠯ ᠤᠨ ᠱᠠᠩᠨᠠᠯ ᠪᠠ ᠲᠤᠰᠬᠠᠢ ᠮᠡᠷᠭᠡᠵᠢᠯ ᠤᠨ ᠳᠡᠰ ᠳᠠᠪᠰᠢᠯᠲᠠ ᠶᠢᠨ ᠥᠯᠢᠭᠡᠷ ᠳᠠᠭᠤᠷᠢᠶᠠᠯ ᠤᠨ ᠱᠠᠩᠨᠠᠯ ᠢ ᠬᠥᠷᠲᠡᠪᠡ           ︵ᠰᠤᠷᠪᠤᠯᠵᠢᠯᠠᠭᠴᠢ ᠯᠢᠶᠠᠩ ᠵᠢᠩ ᠱᠦ ᠴᠢᠮᠡᠭᠡᠯᠡᠭᠴᠢ ᠶᠢᠨ ᠰᠢᠶᠣᠣ ᠶᠠᠩ︶ 9 ᠳ᠋ᠤᠭᠡᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ D3 ᠹᠠᠩ ᠦᠨᠡᠯᠡᠨ ᠵᠢᠱᠢᠬᠦ ᠲᠠᠪᠴᠠᠩ᠂ ᠪᠡᠭᠡᠵᠢᠩ ᠤᠨ ᠯᠢᠩ ᠳ᠋ᠢᠶᠠᠨ ᠶᠸᠦ ᠱᠦ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠬᠠᠮᠲᠤᠷᠠᠨ ᠡᠷᠭᠢᠯᠡᠵᠦ᠂ ᠬᠥᠬᠡᠬᠤᠲᠠ ᠶᠢᠨ ᠵᠠᠭᠠᠯᠳᠤᠯᠭ᠎ᠠ ᠶᠢ ᠭᠥᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ᠂ ᠪᠡᠭᠡᠵᠢᠩ ᠤᠨ ᠯᠢᠩ ᠳ᠋ᠢᠶᠠᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠤ ᠪᠥᠬᠦ ᠤᠯᠤᠰ ᠤᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠶᠡᠭᠡ ᠬᠤᠷᠠᠯ ᠮᠠᠨ ᠤ ᠬᠤᠲᠠ ᠳᠤ ᠬᠤᠷᠠᠯᠳᠤᠪᠠ᠃      ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠬᠤᠲᠠ  ᠶᠢᠨ ᠳᠡᠳ᠋ ᠳᠠᠷᠤᠭ᠎ᠠ ᠵᠠᠩ ᠵᠢᠢ ᠹᠧᠢ ᠶᠡᠭᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠢ᠃      ᠶᠡᠭᠡ ᠬᠤᠷᠠᠯ ᠠᠴᠠ ︽2022 ᠣᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠠᠵᠢᠯᠯᠠᠭᠠᠨ ᠤ ᠶᠠᠰᠤ ᠴᠢᠨᠠᠷ ᠤᠨ ᠮᠡᠳᠡᠭᠦᠯᠦᠯᠲᠡ︾ ᠪᠣᠯᠣᠨ ︽12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢᠨ ᠭᠤᠷᠪᠠᠳᠠᠭᠢ ᠡᠲᠡᠭᠡᠳ ᠦᠨᠡᠯᠡᠨ ᠵᠢᠱᠢᠬᠦ ᠶᠡᠷᠦᠩᠬᠡᠢ ᠳᠦᠷᠢᠮ︾  ᠤᠨ ᠪᠠᠷᠢᠮᠵᠢᠶ᠎ᠠ ᠶᠢ ᠨᠡᠶᠢᠲᠡᠯᠡᠵᠦ᠂ ᠲᠤᠰ ᠬᠤᠭᠤᠴᠠᠭᠠᠨ ᠤ ᠶᠡᠭᠡ ᠬᠤᠷᠠᠯ ᠤᠨ 12345 ᠬᠠᠯᠠᠮᠰᠢᠯ ᠤᠲᠠᠰᠤ ᠶᠢᠨ ᠬᠢᠨᠠᠨ ᠬᠡᠮᠵᠢᠯᠲᠡ ᠶᠢᠨ ᠦᠯᠢᠭᠡᠷ ᠵᠢᠱᠢᠶ᠎ᠡ ᠨᠢᠭᠡᠴᠡ᠂ 12345 ᠬᠠᠯᠠᠮᠰᠢᠯ ᠤᠲᠠᠰᠤ ᠶᠢᠨ ᠬᠡᠷᠡᠭ ᠤᠨ ᠵᠢᠱᠢᠶ᠎ᠡ ᠶᠢ  ᠴᠤᠭᠯᠠᠭᠤᠯᠤᠭᠰᠠᠨ ᠥᠯᠢᠭᠡᠷ ᠵᠢᠱᠢᠶ᠎ᠡ ᠨᠢᠭᠡᠴᠡ ᠶᠢ ᠨᠡᠶᠢᠲᠡᠯᠡᠪᠡ᠃ ᠬᠥᠬᠡᠬᠤᠲᠠ ᠶᠢᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠵᠢᠯᠣᠭᠤᠳᠤᠨ ᠲᠣᠬᠢᠷᠠᠭᠤᠯᠬᠤ ᠲᠥᠪ 2022 ᠣᠨ ᠤ ᠠᠷᠪᠠᠨ ᠰᠢᠯᠢᠳᠡᠭ ᠬᠠᠯᠠᠮᠰᠢᠯ ᠤᠲᠠᠰᠤᠨ ᠤ  ᠦᠯᠢᠭᠡᠷ ᠵᠢᠱᠢᠶ᠎ᠡ ᠶᠢᠨ ᠱᠠᠩᠨᠠᠯ ᠪᠠ ᠲᠤᠰᠬᠠᠢ ᠮᠡᠷᠭᠡᠵᠢᠯ ᠤᠨ ᠲᠡᠰ ᠲᠡᠪᠰᠢᠯᠳᠠ ᠶᠢᠨ ᠦᠯᠢᠭᠡᠷ ᠵᠢᠱᠢᠶ᠎ᠡ ᠶᠢᠨ ᠱᠠᠩᠨᠠᠯ ᠢ ᠬᠦᠷᠲᠡᠵᠡᠢ᠃      ᠶᠡᠭᠡ ᠬᠤᠷᠠᠯ ᠨᠢ ︽12345 ᠬᠠᠯᠠᠮᠰᠢᠯ ᠤᠲᠠᠰᠤ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ᠂ ᠴᠢᠨᠠᠷ ᠰᠠᠶᠢᠲᠠᠢ ᠬᠥᠭᠵᠢᠭᠦᠯᠬᠦ︾ ᠪᠠᠷ ᠭᠤᠣᠯ ᠰᠡᠳᠦᠪ ᠪᠣᠯᠭᠠᠵᠤ᠂ ᠪᠦᠬᠦ ᠤᠯᠤᠰ ᠤᠨ ᠡᠯ᠎ᠡ ᠭᠠᠵᠠᠷ ᠤᠨ ᠬᠠᠯᠠᠮᠰᠢᠯ ᠤᠲᠠᠰᠤ ᠶᠢᠨ ᠨᠢᠭᠡᠴᠡ ᠶᠢᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠭᠤᠷᠪᠠᠳᠠᠭᠢ ᠡᠲᠡᠭᠡᠳ ᠤᠨ ᠦᠨᠡᠯᠡᠨ ᠵᠢᠱᠢᠬᠦ ᠪᠠᠶᠢᠭᠤᠯᠤᠮᠵᠢ ᠶᠢᠨ ᠲᠥᠯᠥᠭᠡᠯᠡᠭᠴᠢ ᠶᠢ ᠤᠷᠢᠵᠤ ᠬᠠᠮᠲᠤᠪᠠᠷ ᠬᠠᠯᠠᠮᠰᠢᠯ ᠤᠲᠠᠰᠤ ᠶᠢᠨ ᠪᠠᠷᠢᠮᠵᠢᠶᠠᠵᠢᠯᠲᠠ ᠣᠶᠤᠨᠴᠢᠯᠠᠯᠲᠠ᠂ ᠲᠤᠭ᠎ᠠ ᠪᠠᠷᠢᠮᠲᠠ ᠶᠢ ᠠᠭᠤᠳᠠᠯᠬᠤ ᠵᠡᠷᠭᠡ ᠠᠰᠠᠭᠤᠳᠠᠯ ᠢ ᠰᠤᠳᠤᠯᠤᠨ ᠶᠠᠷᠢᠯᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠪᠠᠷ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠳᠤ ᠢᠳᠡᠪᠬᠢ ᠦᠢᠯᠡᠳᠦᠯ ᠦᠵᠡᠭᠦᠯᠬᠦ ᠳᠤ ᠬᠦᠴᠦᠨ ᠨᠡᠮᠡᠷᠢᠯᠡᠵᠡᠢ᠃      ᠣᠶᠢᠷ᠎ᠠ ᠶᠢᠨ ᠵᠢᠯ ᠳᠤ᠂ ᠮᠠᠨ ᠤ ᠬᠤᠲᠠ 12345  ᠬᠠᠯᠠᠮᠰᠢᠯ ᠤᠲᠠᠰᠤ ᠶᠢᠨ ᠵᠠᠭᠠᠯᠳᠤᠯᠭ᠎ᠠ ᠶᠢ  ᠬᠦᠯᠢᠶᠡᠨ ᠠᠪᠤᠭᠰᠠᠨ ᠳᠠᠷᠤᠢ ᠰᠢᠢᠳᠪᠦᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠪᠠᠶᠢᠨ᠎ᠠ᠃ 2022 ᠣᠨ ᠤ 8 ᠳ᠋ᠤᠭᠠᠷ ᠰᠠᠷ᠎ᠠ ᠪᠣᠯᠲᠠᠯ᠎ᠠ᠂ ᠨᠡᠶᠢᠲᠡ 208.3 ᠲᠦᠮᠡᠨ ᠬᠤᠪᠢ ᠭᠤᠮᠣᠳᠠᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ ᠰᠢᠭᠤᠳ ᠬᠠᠷᠢᠭᠤᠯᠲᠠ ᠥᠭᠭᠦᠭᠰᠡᠨ ᠨᠢ 137.2 ᠲᠦᠮᠡᠨ ᠬᠤᠪᠢ ᠪᠠᠶᠢᠵᠤ᠂ ᠠᠵᠢᠯ ᠤᠨ ᠬᠠᠭᠤᠳᠠᠰᠤ ᠪᠣᠯᠭᠠᠨ ᠭᠦᠢᠴᠡᠳᠬᠡᠨ ᠰᠢᠢᠳᠪᠦᠷᠢᠯᠡᠭᠰᠡᠨ ᠨᠢ 71.1 ᠲᠦᠮᠡᠨ ᠬᠤᠪᠢ ᠪᠠᠶᠢᠵᠤ᠂ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠭᠤᠮᠣᠳᠠᠯ ᠱᠠᠭᠠᠷᠳᠠᠯᠭ᠎ᠠ ᠳᠤ ᠬᠠᠷᠢᠭᠤ ᠲᠤᠰᠬᠠᠯ ᠭᠠᠷᠭᠠᠭᠰᠠᠨ ᠨᠣᠷᠮ᠎ᠠ᠂ ᠠᠰᠠᠭᠤᠳᠠᠯ ᠢ ᠰᠢᠢᠳᠪᠦᠷᠢᠯᠡᠭᠰᠡᠨ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠲᠣᠰ ᠲᠣᠰ 94.17%᠂ 99.11%᠂ 87.27% ᠪᠠ 89.92% ᠲᠤ ᠬᠦᠷᠴᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ