ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠬᠠᠨ ᠲᠣᠭᠤᠷᠢᠭ᠂ ᠢᠥᠢ ᠴᠢᠤᠸᠠᠨ ᠲᠣᠭᠤᠷᠢᠭ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/9/8
          ᠪᠣᠣ ᠭᠠᠩ ᠶᠠᠷᠢᠶ᠎ᠠ ᠲᠠᠯᠪᠢᠪᠠ ᠴᠠᠩ ᠫᠧᠢ ᠵᠦᠩ ᠣᠷᠤᠯᠴᠠᠵᠤ ᠯᠢ ᠵᠢᠶᠦ᠋ᠩ ᠦᠨᠡᠯᠡᠯᠲᠡ ᠬᠢᠪᠡ      ︵ᠰᠤᠷᠪᠤᠯᠵᠢᠯᠠᠭᠴᠢ ᠶᠦᠨ ᠵᠢᠩ︶ 9 ᠳ᠋ᠤᠭᠡᠷ ᠰᠠᠷ᠎ᠠ ᠶᠢᠨ 7 ᠤ ᠡᠳᠦᠷ᠂ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠬᠠᠨ ᠲᠣᠭᠤᠷᠢᠭ᠂ ᠢᠥᠢ ᠴᠢᠤᠸᠠᠨ ᠲᠣᠭᠤᠷᠢᠭ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠣᠷᠣᠯᠴᠠᠭᠰᠠᠨ ᠪᠥᠭᠡᠳ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ  ᠵᠢᠷᠭᠤᠭ᠎ᠠ ᠤᠳᠠᠭᠠᠨ ᠤ ᠠᠬᠤᠢ ᠲᠠᠯᠠᠪᠠᠢ ᠶᠢᠨ ᠬᠤᠷᠠᠯ ᠳᠤ ᠪᠦᠬᠦ ᠲᠠᠯ᠎ᠠ ᠶᠢᠨ ᠳ᠋ᠦᠩᠨᠡᠯᠲᠡ ᠬᠢᠵᠦ᠂ ᠬᠤᠳᠠ ᠶᠢᠨ ᠤᠳᠤᠷᠢᠳᠤᠯᠭ᠎ᠠ ᠯᠢ ᠵᠢᠶᠦ᠋ᠩ᠂ ᠼᠦᠢ ᠵᠧᠨ ᠦ᠋ ᠲᠤᠰ ᠲᠤᠰ ᠤᠨ ᠢᠶᠠᠨ ᠳᠠᠭᠠᠭᠠᠴᠢᠯᠠᠨ ᠬᠠᠷᠢᠯᠴᠠᠭᠰᠠᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠠᠵᠢᠯ  ᠳᠤ ᠦᠨᠡᠯᠡᠯᠲᠡ ᠬᠢᠪᠡ᠃ ᠴᠠᠩ ᠫᠧᠢ ᠵᠦᠩ᠂ ᠼᠤᠤ ᠰᠧ ᠶᠠᠩ ᠵᠡᠷᠭᠡ ᠬᠤᠳᠠ ᠶᠢᠨ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠬᠤᠢ ᠲᠠᠯᠠᠪᠠᠢ ᠶᠢᠨ ᠬᠤᠷᠠᠯ ᠳᠤ ᠣᠷᠣᠯᠴᠠᠪᠠ᠃      ᠲᠤᠰ ᠡᠳᠦᠷ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠷᠦ ᠢ ᠰᠤᠷᠭᠠᠭᠤᠯᠢ ᠶᠢᠨ ᠲᠣᠭᠤᠷᠢᠭ ᠢ ᠥᠷᠭᠡᠳᠬᠡᠨ ᠪᠠᠶᠢᠭᠤᠯᠬᠤ ᠲᠥᠷᠥᠯ ᠵᠦᠢᠯ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠥᠬᠡᠬᠤᠲᠠ ᠳᠠᠬᠢ ᠬᠤᠪᠢᠶᠠᠷᠢ ᠰᠤᠷᠭᠠᠭᠤᠯᠢ᠂ ᠰᠠᠶᠢᠬᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ᠂  ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠷᠯᠢᠭ᠂ ᠵᠥᠩ ᠬᠤᠸᠠᠨ ᠠᠵᠤ ᠦᠢᠯᠡᠰ ᠤᠨ ᠬᠤᠲᠠ᠂ ᠭᠤᠷᠪᠠᠳᠤᠭᠠᠷ ᠲᠣᠭᠤᠷᠢᠯ ᠵᠠᠮ᠂ ᠶᠢᠨ ᠴᠢᠶᠣᠤ ᠶᠢᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠲᠣᠭᠤᠷᠢᠭ · ᠱᠦ ᡁᠢ ᠶᠤᠸᠠᠨ᠂ ᠬᠦᠶ ᠬᠤᠸᠠ ᠬᠤᠲᠠ ᠶᠢᠨ ᠦᠵᠡᠭᠦᠯᠦᠯᠭᠡ ᠶᠢᠨ ᠣᠷᠳᠣᠨ᠂ ᠸᠠᠨ ᠹᠧᠩ ᠬᠤᠷᠢᠶᠠᠯᠠᠯ ᠤᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠵᠡᠷᠭᠡ ᠲᠥᠷᠥᠯ ᠵᠦᠢᠯ ᠢ ᠲᠣᠭᠤᠷᠢᠨ ᠦᠵᠡᠵᠦ᠂ ᠰᠠᠶᠢᠬᠠᠨ ᠲᠣᠭᠤᠷᠢᠭ ᠪᠠ ᠢᠥᠢ ᠴᠢᠤᠸᠠᠨ ᠲᠣᠭᠤᠷᠢᠭ ᠤᠨ ᠠᠵᠤ ᠦᠢᠯᠡᠰ ᠢ ᠠᠳᠬᠤᠵᠤ ᠲᠦᠷᠦᠯ ᠵᠦᠢᠯ ᠢ ᠲᠦᠯᠦᠪᠵᠢᠬᠦᠯᠦᠭᠰᠡᠨ ︽ᠬᠠᠯᠠᠭᠤᠨ ᠠᠭᠤᠷ ᠠᠮᠢᠰᠬᠤᠯ︾ ᠂ ᠰᠤᠷᠭᠠᠨ ᠬᠥᠮᠦᠵᠢᠯ ᠢ ᠴᠢᠨᠠᠷ ᠰᠠᠶᠢᠲᠠᠢ ᠬᠦᠭᠵᠢᠬᠦᠯᠦᠭᠰᠡᠨ ︽ᠬᠤᠷᠳᠤᠴᠠ︾ ᠵᠢᠴᠢ ︽ᠡᠭᠦᠷ ᠵᠠᠰᠠᠵᠤ ᠭᠠᠷᠤᠳᠢ ᠢᠷᠡᠭᠦᠯᠦᠨ︾ ᠴᠢᠳᠠᠪᠤᠷᠢᠲᠠᠨ ᠢ ᠴᠤᠭᠯᠠᠷᠠᠭᠤᠯᠤᠭᠰᠠᠨ ᠲᠠᠲᠠᠬᠤ ᠬᠦᠴᠦᠨ ᠪᠣᠯᠣᠨ ᠬᠤᠳᠠ ᠶᠢᠨ ᠡᠮᠦᠨᠡᠲᠦ ᠶᠢᠨ ᠠᠮᠢ ᠠᠬᠤᠢ ᠶᠢᠨ ᠵᠠᠰᠠᠯᠲᠠ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠦᠭᠵᠢᠬᠦᠯᠦᠭᠰᠡᠨ ᠰᠢᠨ᠎ᠡ ᠠᠮᠢᠵᠢᠷᠠᠯ ᠤᠨ ᠬᠦᠴᠦᠨ ᠢ ᠲᠤᠬᠠᠢ ᠶᠢᠨ ᠲᠠᠯᠠᠪᠠᠢ ᠠᠴᠠ ᠣᠶᠢᠯᠠᠭᠠᠪᠠ᠃      ᠬᠤᠷᠠᠯ ᠠᠴᠠ ᠵᠢᠭᠠᠭᠰᠠᠨ ᠨᠢ᠂ ᠵᠢᠷᠭᠤᠭ᠎ᠠ ᠤᠳᠠᠭ᠎ᠠ ᠶᠢᠨ ᠠᠬᠤᠢ ᠲᠠᠯᠠᠪᠠᠢ ᠳᠤ ᠲᠣᠭᠤᠷᠢᠨ ᠦᠵᠡᠬᠦ ᠪᠠᠷ ᠳᠠᠮᠵᠢᠨ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ᠂ ᠬᠤᠳᠠ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠡᠪᠴᠢᠶᠡᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠤᠨ ᠳᠤᠮᠳᠠ ᠣᠯᠣᠭᠰᠠᠨ ᠪᠣᠳᠠᠲᠤ ᠦᠷ᠎ᠡ ᠪᠦᠲᠦᠮᠵᠢ ᠶᠢ ᠣᠯᠵᠤ  ᠬᠠᠷᠠᠯ᠎ᠠ᠃ ᠮᠠᠨ ᠤ ᠬᠤᠲᠠ ᠶᠢᠨ ᠺᠠᠳ᠋ᠷᠴᠤᠳ ᠤᠨ ᠬᠡᠯᠡᠪᠡᠯ ᠦᠭᠡ᠂ ᠲᠤᠭᠲᠠᠪᠠᠯ ᠬᠢᠵᠦ᠂ ᠬᠢᠪᠡᠯ ᠰᠠᠶᠢᠨ ᠬᠢᠬᠦ  ᠬᠠᠷᠢᠭᠤᠴᠠᠯᠭ᠎ᠠ ᠡᠬᠦᠷᠭᠡᠯᠡᠯ ᠢ ᠣᠯᠵᠤ ᠬᠠᠷᠠᠯ᠎ᠠ᠃ ᠣᠷᠣᠨ ᠤ ᠲᠥᠪ ᠤᠨ ᠣᠷᠣᠨ ᠪᠠᠶᠢᠷᠢ᠂ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠳᠠᠪᠠᠭᠤᠯᠢᠭ ᠳᠠᠰᠤᠷᠠᠯᠳᠠ ᠦᠭᠡᠢ ᠲᠣᠪᠣᠶᠢᠮ᠎ᠠ  ᠪᠣᠯᠵᠤ ᠪᠠᠶᠢᠭ᠎ᠠ ᠢᠷᠡᠭᠡᠳᠦᠢ ᠶᠢᠨ ᠯᠤᠲᠤ ᠶᠡᠭᠡ ᠲᠠᠯᠳᠠ ᠬᠦᠴᠦᠨ ᠢ ᠣᠯᠵᠤ ᠬᠠᠷᠠᠯ᠎ᠠ᠃ ᠡᠭᠦᠨ ᠤ  ᠬᠠᠮᠲᠤ ᠪᠠᠰᠠ ᠡᠯ᠎ᠡ ᠬᠤᠰᠢᠭᠤ ᠰᠢᠶᠠᠨ ᠤ ᠬᠤᠭᠤᠷᠣᠨᠳᠣᠬᠢ ᠳᠤᠲᠠᠭᠤᠳᠠᠯ ᠬᠦᠷᠦᠯᠴᠡᠬᠦ ᠦᠭᠡᠢ ᠲᠠᠯ᠎ᠠ ᠨᠢ ᠰᠢᠰᠲ᠋ᠧᠮᠲᠦ ᠰᠡᠳᠬᠢᠬᠦᠢ ᠪᠠᠷ ᠳᠤᠲᠠᠮᠠᠭ᠂ ᠠᠵᠤ ᠦᠢᠯᠡᠰ ᠤᠨ ᠲᠥᠯᠦᠪᠵᠢᠭᠦᠯᠭᠡ᠂ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ᠂ ᠺᠠᠳ᠋ᠷᠴᠤᠳ ᠤᠨ ᠴᠢᠩᠭ᠎ᠠ ᠠᠩᠬᠠᠷᠴᠤ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠵᠥᠷᠢᠶ᠎ᠡ ᠲᠠᠢ ᠪᠠᠶᠢᠬᠤ ᠳᠡᠭᠡᠷ᠎ᠡ ᠢᠯᠡᠷᠡᠵᠦ ᠪᠠᠶᠢᠭ᠎ᠠ ᠶᠢ ᠣᠯᠵᠤ ᠬᠠᠷᠠᠯ᠎ᠠ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠪᠠᠷ ᠢᠶᠠᠨ ᠬᠥᠭᠵᠢᠭᠦᠯᠬᠦ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠦᠭᠵᠢᠯᠲᠡ ᠶᠢ ᠠᠳᠬᠤᠬᠤ ᠬᠡᠷᠡᠭᠲᠡᠢ᠃ ᠠᠵᠤ ᠠᠬᠤᠢ ᠶᠢᠨ ᠴᠢᠳᠠᠪᠬᠢ ᠳᠡᠰ ᠢ ᠳᠡᠭᠡᠭᠰᠢᠯᠡᠭᠦᠯᠵᠦ᠂ ᠠᠵᠤ ᠦᠢᠯᠡᠰ ᠤᠨ ᠪᠥᠭᠡᠮᠨᠡᠷᠡᠯ ᠂ ᠬᠦᠷᠢᠶᠡᠯᠡᠩ ᠲᠣᠭᠤᠷᠢᠭ ᠤᠨ ᠬᠡᠪᠴᠢᠶ᠎ᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠬᠡᠪᠡᠷ ᠠᠳᠬᠤᠬᠤ ᠬᠡᠷᠡᠭᠲᠡᠢ᠃ ᠬᠤᠳᠠ ᠶᠢᠨ ᠴᠢᠳᠠᠪᠬᠢ ᠲᠡᠰ ᠢ ᠳᠡᠭᠡᠭᠰᠢᠯᠡᠭᠦᠯᠵᠦ᠂ ︽ᠭᠤᠷᠪᠠᠨ ᠬᠤᠳᠠ︾ ᠶᠢ ᠲᠦᠷᠭᠡᠨ ᠪᠠᠶᠢᠭᠤᠯᠵᠤ᠂ ︽ᠲᠦᠷᠪᠡᠨ ᠲᠥᠪ︾ ᠢ ᠴᠤᠭᠴᠠᠯᠠᠵᠤ᠂ ︽ᠲᠦᠷᠪᠡᠨ ᠲᠣᠭᠤᠷᠢᠭ︾ ᠲᠤ ᠠᠭᠤᠰᠤᠯᠴᠠᠬᠤ ᠬᠡᠷᠡᠭᠲᠡᠢ᠃ ᠬᠥᠮᠥᠨ ᠠᠮᠠ ᠶᠢᠨ ᠴᠢᠳᠠᠪᠬᠢ ᠳᠡᠰ ᠢ ᠳᠡᠭᠡᠭᠰᠢᠯᠡᠭᠦᠯᠵᠦ᠂ ᠤᠳᠤ ᠦᠶ᠎ᠡ ᠶᠢᠨ ᠠᠵᠤ ᠦᠢᠯᠡᠰ᠂ ᠰᠤᠷᠭᠠᠨ ᠬᠥᠮᠦᠵᠢᠯ ᠡᠮ ᠡᠮᠨᠡᠯᠭᠡ᠂ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ ᠲᠣᠭᠤᠷᠢᠨ ᠢᠶᠠᠷ ᠴᠢᠳᠠᠪᠤᠷᠢᠲᠠᠨ ᠢ ᠴᠤᠭᠯᠠᠭᠤᠯᠬᠤ ᠬᠡᠷᠡᠭᠲᠡᠢ᠃ ᠰᠣᠶᠣᠯ ᠤᠨ ᠴᠢᠳᠠᠪᠬᠢ ᠳᠡᠰ ᠢ ᠳᠡᠭᠡᠭᠰᠢᠯᠡᠭᠦᠯᠵᠦ᠂ ᠬᠤᠳᠠ ᠶᠢᠨ ᠰᠣᠶᠣᠯ ᠤᠨ ᠴᠢᠨᠠᠷ ᠳᠡᠰ ᠢ ᠳᠡᠭᠡᠭᠰᠢᠯᠡᠭᠦᠯᠵᠦ᠂ ᠰᠣᠶᠣᠯ ᠦᠵᠡᠰᠬᠦᠯᠡᠩ ᠤᠨ ᠲᠠᠯᠠᠪᠤᠷ ᠣᠷᠳᠣᠨ ᠢ ᠬᠡᠷᠡᠭᠯᠡᠵᠦ᠂ ᠵᠤᠭᠠᠴᠠᠯ ᠤᠨ ᠦᠵᠡᠮᠵᠢ ᠶᠢᠨ ᠣᠷᠣᠨ ᠢ ᠬᠤᠯᠪᠣᠬᠤ ᠬᠡᠷᠡᠭᠲᠡᠢ᠃ ᠡᠩᠨᠡᠭᠡᠨ ᠤ ᠴᠢᠳᠠᠪᠬᠢ ᠳᠡᠰ ᠢ ᠳᠡᠭᠡᠭᠰᠢᠯᠡᠭᠦᠯᠵᠦ᠂ ᠺᠠᠳ᠋ᠷ ᠤᠨ ᠡᠩᠨᠡᠭᠡ᠂ ᠠᠵᠤ ᠠᠬᠤᠶᠢᠯᠠᠯᠲᠠᠨ ᠤ ᠡᠩᠨᠡᠭᠡ ᠪᠣᠯᠣᠨ ᠵᠠᠯᠠᠭᠤᠴᠤᠳ ᠤᠨ ᠬᠠᠯᠠᠭᠤᠨ ᠤᠷᠮ᠎ᠠ ᠰᠡᠳᠬᠢᠯᠭᠡ ᠶᠢ ᠬᠥᠭᠵᠢᠭᠡᠵᠦ᠂ ᠣᠷᠣᠨ ᠤ ᠲᠥᠪ ᠤᠨ ᠣᠳᠣᠬᠢᠴᠢᠯᠠᠭᠰᠠᠨ ᠣᠷᠣᠨ ᠪᠦᠰᠡ ᠶᠢᠨ ᠭᠤᠣᠯ ᠬᠤᠳᠠ ᠶᠢ ᠪᠦᠲᠦᠭᠡᠨ ᠪᠠᠶᠢᠭᠤᠯᠬᠤ ᠳᠤ ᠨᠡᠩ ᠤᠯᠠᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ