9 ᠳ᠋ᠤᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/8
      9 ᠳ᠋ᠤᠭᠡᠷ ᠰᠠᠷ᠎ᠠ ᠶᠢᠨ 7 ᠤ ᠡᠳᠦᠷ ᠤᠨ 0 ᠴᠠᠭ ᠠᠴᠠ 24 ᠴᠠᠭ  ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 67  ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 62 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 2  ᠵᠢᠱᠢᠶ᠎ᠡ ᠶᠢ ᠪᠠᠭᠲᠠᠭᠠᠨ᠎ᠠ᠂ ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 36᠂ ᠣᠩᠨᠢᠭᠤᠳ ᠬᠤᠰᠢᠭᠤᠨ ᠳᠤ 25 ᠪᠣᠶ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 5 ︵ᠴᠥᠮ ᠰᠢᠯᠢᠩᠬᠤᠲᠠ ᠳᠤ ᠪᠣᠶ᠂ ᠡᠭᠦᠨ ᠳᠤ 3 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 1 ᠶᠢ ᠨᠢ ᠭᠡᠷ ᠲᠤᠨᠢ ᠲᠤᠰᠠᠭᠠᠷᠯᠠᠵᠤ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ᠂ 1 ᠶᠢ ᠨᠢ  ᠣᠶᠢᠷ᠎ᠠ ᠬᠠᠪᠢᠳᠠᠯ  ᠢ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ  ᠭᠠᠷᠭᠠᠪᠠ︶︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 63 ᠪᠣᠶ᠂ ᠡᠭᠦᠨ ᠳᠤ ᠤᠯᠠᠭᠠᠨᠬᠠᠳᠠ ᠬᠤᠲᠠ ᠳᠤ 53 ︵ᠰᠦᠩᠱᠠᠨ ᠲᠣᠭᠤᠷᠢᠭ ᠲᠤ 16᠂ ᠣᠩᠨᠢᠭᠤᠳ ᠬᠤᠰᠢᠭᠤᠨ ᠳᠤ 37 ᠪᠣᠢ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 10 ︵ᠴᠥᠮ ᠰᠢᠯᠢᠩᠬᠤᠲᠠ ᠳᠤ ᠪᠣᠶ᠂ ᠡᠭᠦᠨ ᠳᠤ 6 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ᠂ 2 ᠢ  ᠨᠢ ᠣᠶᠢᠷ᠎ᠠ ᠬᠠᠪᠢᠳᠠᠯ ᠢ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ᠂ ᠬᠤᠶᠠᠷ ᠢ ᠨᠢ ᠭᠡᠷ ᠲᠤᠨᠢ ᠲᠤᠰᠠᠭᠠᠷᠯᠠᠵᠤ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ︶ ᠪᠣᠢ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 1 ︵ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ  ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ︶ ᠪᠣᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 4 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ  ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠣᠷᠳᠣᠰ ᠬᠤᠲᠠ ᠳᠤ 2 ︵ᠵᠡᠭᠦᠨᠭᠠᠷ ᠬᠤᠰᠢᠭᠤᠨ ᠳᠤ 1᠂ ᠡᠵᠡᠨ ᠬᠤᠷᠤᠭ᠎ᠠ ᠬᠤᠰᠢᠭᠤᠨ ᠳᠤ 1 ᠪᠣᠢ︶᠂ ᠰᠢᠯᠢ ᠶᠢᠨ ᠭᠤᠣᠯ ᠠᠶᠢᠮᠠᠭ ᠲᠤ 1 ︵ᠡᠷᠢᠶᠡᠨ ᠬᠤᠲᠠ ᠳᠤ ᠪᠣᠢ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 5 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ  ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 3 ︵ᠴᠥᠮ ᠡᠷᠢᠶᠡᠨ ᠬᠤᠲᠠ ᠳᠤ ᠪᠣᠶ︶᠂ ᠠᠯᠠᠱᠠ ᠠᠶᠢᠮᠠᠭ ᠲᠤ 1 ︵ᠠᠯᠠᠱᠠ ᠵᠡᠭᠦᠨ ᠬᠤᠰᠢᠭᠤᠨ ᠳᠤ ᠪᠣᠶ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ  ᠵᠢᠱᠢᠶ᠎ᠡ ᠠᠴᠠ 8 ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂  ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ 3 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ ︵  ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ  ᠬᠤᠪᠢᠶᠠᠷᠢᠯᠠᠨ ᠪᠠᠭᠤᠯᠭᠠᠭᠰᠠᠨ︶᠃      9  ᠳ᠋ᠤᠭᠡᠷ ᠰᠠᠷ᠎ᠠ ᠶᠢᠨ 7 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 213 ᠪᠤᠶ᠂ ᠡᠭᠦᠨ ᠳᠤ ᠬᠥᠬᠡᠬᠤᠲᠠ ᠳᠤ 4 ︵ᠴᠦᠮ ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ  ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 169 ︵ᠬᠤᠩᠱᠠᠨ ᠲᠣᠭᠤᠷᠢᠭ ᠲᠤ 4 ᠂ ᠰᠦᠩᠱᠠᠨ ᠲᠣᠭᠤᠷᠢᠭ ᠲᠤ 51᠂ ᠣᠩᠨᠢᠭᠤᠳ ᠬᠤᠰᠢᠭᠤᠨ ᠳᠤ 114 ᠪᠣᠢ︶᠂ ᠰᠢᠯᠢ ᠶᠢᠨ ᠭᠤᠣᠯ ᠠᠶᠢᠮᠠᠭ ᠲᠤ 30 ︵ᠰᠢᠯᠢᠩᠬᠤᠲᠠ ᠳᠤ 11᠂ ᠡᠷᠢᠶᠡᠨ ᠬᠤᠲᠠ ᠳᠤ 19 ᠪᠣᠢ︶᠂ ᠣᠷᠳᠣᠰ ᠬᠤᠲᠠ ᠳᠤ 3 ︵ᠴᠥᠮ ᠡᠵᠡᠨ ᠬᠤᠷᠤᠭ᠎ᠠ ᠬᠤᠰᠢᠭᠤᠨ ᠳᠤ ᠪᠣᠶ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ 253 ᠪᠣᠶ᠂ ᠡᠭᠦᠨ ᠳᠤ ᠬᠥᠬᠡᠬᠤᠲᠠ ᠳᠤ 2 ︵ᠴᠥᠮ  ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ  ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠤᠯᠠᠭᠠᠨᠬᠠᠳᠠ ᠬᠤᠲᠠ ᠳᠤ 190 ︵ᠬᠤᠩᠱᠠᠨ ᠲᠣᠭᠤᠷᠢᠭ ᠲᠤ 1᠂ ᠰᠦᠩᠱᠠᠨ ᠲᠣᠭᠤᠷᠢᠭ ᠲᠤ 17᠂ ᠣᠩᠨᠢᠭᠤᠳ ᠬᠤᠰᠢᠭᠤᠨ ᠳᠤ 172︶᠂ ᠰᠢᠯᠢ ᠶᠢᠨ ᠭᠤᠣᠯ ᠠᠶᠢᠮᠠᠭ ᠲᠤ 61 ︵ᠰᠢᠯᠢᠩᠬᠤᠲᠠ ᠳᠤ 27᠂ ᠡᠷᠢᠶᠡᠨ ᠬᠤᠲᠠ ᠳᠤ 34︶ ᠪᠣᠶ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 8᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 5 ᠪᠠᠶᠢᠵᠤ᠂  ᠬᠥᠬᠡᠬᠤᠲᠠ ᠳᠤ ᠪᠣᠶ᠃ ᠳᠡᠭᠡᠷᠡᠬᠢ ᠬᠥᠮᠥᠰ ᠢ ᠴᠥᠮ  ᠲᠤᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ  ᠬᠠᠪᠢᠳᠠᠯ  ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ  ᠳᠡᠯᠭᠡᠷᠡᠬᠦ  ᠶᠢ ᠴᠢᠩᠭ᠎ᠠ  ᠰᠡᠷᠭᠡᠶᠢᠯᠡᠵᠦ ᠪᠠᠶᠢᠨ᠎ᠠ ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ