ᠬᠤᠷᠢᠨᠭᠡᠷ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/9
9.9和林格尔县民政局召开重点工作部署推进会.jpg
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠠᠷᠠᠳ ᠤᠨ ᠶᠠᠪᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 9 ᠰᠠᠷ᠎ᠠ ᠶᠢᠨ 6 ᠤ ᠡᠳᠦᠷ᠂ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠶᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠭᠤᠤᠯᠳᠠᠯᠭ᠎ᠠ ᠲᠠᠢ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠵᠦ᠂ ᠪᠥᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠲᠠᠯ᠎ᠠ ᠪᠠᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠬᠠᠮᠰᠠᠷ ᠠᠴᠠ ᠪᠠᠨ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠠᠵᠢᠯ ᠢ ᠠᠳᠬᠤᠵᠤ᠂ ᠭᠦᠢᠴᠡᠳ ᠨᠠᠶᠢᠳᠠᠪᠤᠷᠢᠵᠢᠭᠤᠯᠵᠤ᠂ ᠦᠨᠡᠨᠬᠦ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠮᠠᠨ ᠤ ᠰᠢᠶᠠᠨ ᠤ ᠠᠷᠠᠳ ᠤᠨ ᠶᠠᠪᠤᠳᠠᠯ ᠤᠨ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ᠂ ᠭᠤᠣᠯᠳᠠᠯᠭ᠎ᠠ ᠲᠠᠢ ᠠᠵᠢᠯ ᠤᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠡᠭᠦᠷᠭᠡ ᠶᠢ ᠡᠷᠡᠰ ᠡᠭᠦᠷᠭᠡᠯᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠤᠣᠯᠳᠠᠯᠭ᠎ᠠ ᠶᠢ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠬᠦᠴᠦᠷᠬᠡᠭ ᠪᠠᠭᠤᠷᠠᠢ ᠵᠦᠢᠯ ᠢ ᠴᠢᠩᠭᠠᠳᠬᠠᠵᠤ᠂ ᠤᠬᠠᠮᠰᠠᠷ ᠠᠴᠠ ᠪᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠵᠤ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠴᠦ᠂ ᠦᠨᠳᠦᠰᠦᠨ ᠨᠡᠶᠢᠭᠡᠮ ᠤᠨ ᠦᠢᠯᠡᠴᠢᠯᠡᠭᠡᠨ ᠤ ᠲᠦᠪᠰᠢᠨ ᠢ ᠯᠠᠪᠳᠠᠭᠤᠨ ᠪᠠᠲᠤᠲᠠᠢ ᠳᠡᠭᠡᠭᠰᠢᠯᠡᠭᠦᠯᠵᠦ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ