ᠬᠤᠷᠢᠨᠭᠡᠷ ᠰᠢᠶᠠᠨ ᠪᠦᠬᠦ ᠰᠢᠶᠠᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/9
9.9和林格尔县召开全县市域社会治理现代化试点工作推进会.jpg
      9 ᠰᠠᠷ᠎ᠠ ᠶᠢᠨ 7 ᠤ ᠡᠳᠦᠷ᠂ ᠬᠤᠷᠢᠨᠭᠡᠷ ᠰᠢᠶᠠᠨ ᠪᠥᠬᠦ ᠰᠢᠶᠠᠨ ᠤ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠪᠦᠦ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠮᠠᠨ ᠤ ᠰᠢᠶᠠᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠰᠢᠯᠭᠠᠨ ᠦᠨᠡᠯᠡᠬᠦ ᠰᠢᠯᠭᠠᠨ ᠠᠪᠬᠤ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠵᠢᠴᠢ ᠮᠠᠨ ᠤ ᠰᠢᠶᠠᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠪᠡ︔ ᠲᠠᠷᠠᠭᠠᠴᠢ ᠶᠢᠨ ᠱᠠᠲᠤᠨ ᠤ ᠠᠵᠢᠯ ᠤᠨ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠡᠯ᠎ᠡ ᠲᠦᠷᠦᠭᠦᠯᠡᠨ ᠬᠢᠬᠦ ᠨᠢᠭᠡᠴᠡ ᠡᠷᠬᠡᠪᠰᠢ ᠦᠨᠡᠨᠬᠦ ᠲᠦᠷᠦᠭᠦᠯᠡᠨ ᠬᠢᠵᠦ᠂ ᠬᠠᠷᠢᠭᠤᠴᠠᠯᠭ᠎ᠠ ᠲᠠᠢ ᠨᠢᠭᠡᠴᠡ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠤᠷᠠᠯ ᠳᠤ ᠣᠷᠣᠯᠴᠠᠭᠰᠠᠨ ᠨᠢᠭᠡᠴᠡ ᠠᠴᠠ ᠬᠤᠪᠢ ᠥᠭᠬᠦ ᠪᠠᠷᠢᠮᠵᠢᠶ᠎ᠠ ᠲᠠᠢ ᠬᠠᠷᠢᠴᠠᠭᠤᠯᠵᠤ᠂ ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠮᠠᠲ᠋ᠧᠷᠢᠶᠠᠯ ᠢ ᠲᠡᠭᠦᠯᠳᠡᠷᠵᠢᠭᠦᠯᠵᠦ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠢᠱᠢᠶ᠎ᠡ ᠦᠵᠡᠭᠦᠯᠬᠦ ᠴᠡᠭ ᠪᠠ ᠬᠢᠯᠠᠰ ᠴᠡᠭ ᠢ ᠠᠳᠬᠤᠵᠤ ᠂ ᠵᠥᠷᠢᠴᠡᠯ ᠪᠠ ᠠᠰᠠᠭᠤᠳᠠᠯ ᠴᠤᠭᠯᠠᠷᠠᠭᠰᠠᠨ ᠨᠢᠭᠡᠴᠡ᠂ ᠰᠢᠶᠠᠩ ᠪᠠᠯᠭᠠᠰᠤ ᠬᠠᠷᠢᠴᠠᠭ᠎ᠠ ᠪᠠᠨ ᠰᠢᠯᠤᠭᠤᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ ᠱᠠᠳᠤ ᠱᠠᠳᠤ ᠪᠠᠷ ᠲᠦᠯᠬᠢᠨ ᠠᠬᠢᠭᠤᠯᠵᠤ᠂ ᠵᠥᠷᠢᠴᠡᠯ ᠢ ᠠᠷᠢᠯᠭᠠᠵᠤ᠂ ᠵᠢᠷᠤᠮᠵᠢᠭᠰᠠᠨ ᠵᠠᠰᠠᠯᠲᠠ ᠶᠢᠨ ᠰᠢᠰᠲ᠋ᠧᠮ ᠢ ᠪᠤᠢ ᠪᠣᠯᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠦᠨᠳᠦᠰᠦᠨ ᠠᠴᠠ ᠨᠢ ᠢᠯᠡᠷᠡᠭᠦᠯᠬᠦ ᠬᠡᠷᠡᠭᠲᠡᠶ ᠭᠡᠵᠡᠢ᠃      ᠰᠢᠶᠠᠨ ᠤ ᠬᠠᠮᠢᠶ᠎ᠠ ᠪᠦᠬᠦᠢ ᠨᠢᠭᠡᠴᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠡᠯᠡᠳᠬᠡᠯ ᠠᠵᠢᠯ ᠤᠨ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠣᠷᠣᠯᠴᠠᠵᠠᠢ᠃ 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ