ᠾᠧ ᠬᠠᠢ ᠳ᠋ᠦᠩ ᠴᠣᠣ ᠵᠢᠥᠢ ᠪᠢᠶᠠᠨ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠯᠠᠨ ᠨᠡᠶᠢᠲᠡ ᠵᠢᠴᠢ ᠵᠠᠰᠠᠭ ᠤᠨ ᠣᠷᠳᠣᠨ ᠤ ᠶᠠᠪᠤᠳᠠᠯ ᠤᠨ ᠬᠡᠯᠲᠡᠰ ᠤᠨ ᠶᠡᠷᠦᠩᠬᠡᠢ ᠵᠠᠬᠢᠷᠤᠯ ᠯᠢ ᠰᠢᠶᠠᠩ ᠢᠦᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2022/9/9
       ︵ᠰᠤᠷᠪᠤᠯᠵᠢᠯᠠᠭᠴᠢ ᠯᠢᠶᠠᠩ ᠵᠢᠩ ᠱᠦ︶ 9 ᠳ᠋ᠤᠭᠡᠷ ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ ᠴᠣᠣ ᠵᠢᠥᠢ ᠪᠢᠶᠠᠨ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠤᠯᠠᠨ ᠨᠡᠶᠢᠳᠡ ᠵᠢᠴᠢ ᠵᠠᠰᠠᠭ ᠤᠨ ᠣᠷᠳᠣᠨ ᠤ ᠶᠠᠪᠤᠳᠠᠯ ᠤᠨ ᠬᠡᠯᠲᠡᠰ ᠤᠨ ᠶᠡᠷᠦᠩᠬᠡᠢ  ᠵᠠᠬᠢᠷᠤᠯ ᠯᠢ ᠰᠢᠶᠠᠩ ᠢᠦᠢ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠲᠣᠭᠠᠴᠢᠯᠠᠭᠰᠠᠨ ᠠᠵᠤ ᠠᠬᠤᠢ ᠶᠢᠨ ᠬᠠᠮᠢᠶ᠎ᠠ ᠪᠦᠬᠦᠢ ᠬᠠᠮᠲᠤᠷᠠᠯᠴᠠᠭᠠᠨ ᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃      ᠾᠧ ᠬᠠᠢ ᠳ᠋ᠦᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠢ ᠲᠥᠯᠥᠭᠡᠯᠡᠨ ᠯᠢ ᠰᠢᠶᠠᠩ ᠢᠦᠢ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠣᠲᠣ ᠶᠠᠭ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠦᠭᠡᠮᠨᠡᠷᠡᠯ ᠢ ᠲᠦᠷᠭᠡᠪᠴᠢᠯᠡᠨ ᠬᠥᠭᠵᠢᠭᠦᠯᠵᠦ᠂ ᠤᠯᠤᠰ ᠤᠨ ᠤᠮᠠᠷᠠᠲᠤ ᠶᠢᠨ ᠪᠤᠳᠤᠬᠤ ᠬᠦᠴᠦᠨ ᠤ ᠲᠥᠪ ᠢ ᠪᠦᠲᠦᠭᠡᠨ ᠪᠠᠶᠢᠭᠤᠯᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢ ᠴᠣᠭᠴᠠᠯᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠪᠣᠳᠠᠲᠠᠢ ᠦᠷ᠎ᠡ ᠪᠦᠲᠦᠭᠡᠯ ᠣᠯᠬᠤ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠴᠣᠣ ᠵᠢᠥᠢ ᠪᠢᠶᠠᠨ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠨᠡᠩ ᠤᠯᠠᠨ ᠬᠤᠰᠢᠭᠤᠷᠠᠯ ᠮᠡᠷᠭᠡᠵᠢᠯ᠂ ᠳᠠᠪᠠᠭᠤᠯᠢᠭ ᠡᠬᠢ ᠪᠠᠶᠠᠯᠢᠭ᠂ ᠠᠵᠤ ᠦᠢᠯᠡᠰ ᠤᠨ ᠲᠦᠷᠦᠯ ᠵᠦᠢᠯ ᠢ ᠣᠷᠣᠨ ᠤ ᠲᠥᠪ ᠲᠤ ᠪᠠᠶᠢᠷᠢᠰᠢᠭᠤᠯᠵᠤ᠂ ᠨᠡᠩ ᠤᠯᠠᠨ ᠬᠦᠷᠢᠶᠡᠨ ᠳᠤ ᠨᠡᠩ ᠭᠦᠨᠵᠡᠭᠡᠢ ᠬᠠᠮᠲᠤᠷᠠᠯᠴᠠᠭ᠎ᠠ ᠶᠢ ᠡᠷᠢᠯᠬᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠴᠣᠣ ᠵᠢᠥᠢ ᠪᠢᠶᠠᠨ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠳᠠᠬᠢ ᠬᠥᠭᠵᠢᠯᠲᠡ ᠳᠤ ᠰᠠᠶᠢᠨ ᠰᠠᠶᠢᠬᠠᠨ ᠨᠥᠬᠦᠴᠡᠯ ᠢ ᠪᠦᠬᠦ ᠬᠦᠴᠦᠨ ᠢᠶᠠᠷ ᠢᠶᠠᠨ ᠡᠭᠦᠳᠴᠦ᠂ ᠰᠢᠯᠢᠳᠡᠭ ᠦᠢᠯᠡᠴᠢᠯᠡᠭᠡ ᠬᠠᠩᠭᠠᠨ᠎ᠠ ᠭᠡᠵᠡᠢ᠃      ᠯᠢ ᠰᠢᠶᠠᠩ ᠢᠦᠢ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠴᠣᠣ ᠵᠢᠥᠢ ᠪᠢᠶᠠᠨ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ ᠺᠣᠮᠫᠠᠨᠢ  ᠯᠤᠭ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ᠂ ᠥᠷᠭᠡᠨ ᠠᠭᠤᠳᠠᠮ ᠬᠥᠭᠵᠢᠯᠲᠡ ᠶᠢᠨ ᠣᠷᠣᠨ ᠵᠠᠢ ᠪᠠ ᠯᠤᠲᠤ ᠶᠡᠭᠡ ᠬᠥᠭᠵᠢᠯᠲᠡ ᠶᠢᠨ ᠲᠠᠯᠳᠠ ᠬᠦᠴᠦᠨ ᠲᠠᠢ᠂ ᠺᠣᠮᠫᠠᠨᠢ ᠶᠢᠨ ᠬᠥᠬᠡᠬᠤᠲᠠ ᠳᠤ ᠢᠷᠡᠬᠦ᠂ ᠬᠥᠬᠡᠬᠤᠲᠠ ᠳᠤ ᠪᠡᠯᠡ ᠣᠷᠣᠭᠤᠯᠤᠨ ᠬᠥᠭᠵᠢᠬᠦ ᠳᠤ ᠢᠲᠡᠭᠡᠯ ᠳᠦᠭᠦᠷᠡᠩ ᠪᠠᠶᠢᠨ᠎ᠠ᠃ ᠮᠠᠨ ᠤ ᠺᠣᠮᠫᠠᠨᠢ ᠠᠵᠠ ᠲᠣᠬᠢᠶᠠᠯ ᠢ ᠠᠮᠵᠢᠵᠤ᠂ ᠬᠠᠮᠲᠤᠷᠠᠯᠴᠠᠭᠠᠨ ᠤ ᠲᠥᠰᠥᠯ ᠢᠶᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ  ᠭᠡᠵᠡᠢ᠃      ᠬᠤᠳᠠ ᠶᠢᠨ ᠤᠳᠤᠷᠢᠳᠤᠯᠭ᠎ᠠ ᠯᠢ ᠰᠢᠶᠣᠣ ᠶᠠᠨ᠂ ᠵᠦ ᠵᠢᠶᠠᠨ ᠭᠦᠸᠧ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ