9 ᠳ᠋ᠤᠭᠡᠷ ᠰᠠᠷ᠎ᠠ ᠶᠢᠨ 8 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/9/9
      9 ᠳ᠋ᠤᠭᠡᠷ ᠰᠠᠷ᠎ᠠ ᠶᠢᠨ 8 ᠤ ᠡᠳᠦᠷ ᠤᠨ 0  ᠴᠠᠭ ᠠᠴᠠ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠦᠯᠦᠯᠲᠡ ᠳᠤ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ  ᠲᠣᠳᠤᠯᠠᠭᠰᠠᠨ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 42 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 38 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ  ᠲᠣᠳᠤᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠭᠰᠠᠨ 15 ᠵᠢᠱᠢᠶ᠎ᠡ ᠪᠠᠭᠲᠠᠭᠠᠨ᠎ᠠ᠂ ᠬᠤᠩᠱᠠᠨ ᠲᠣᠭᠤᠷᠢᠭ ᠲᠤ 1 ᠪᠣᠢ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠳᠤ ᠪᠠᠶᠢᠬᠤ ᠬᠦᠮᠦᠰ ᠢ ᠰᠢᠭᠰᠢᠨ  ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ︔ ᠰᠦᠩᠱᠠᠨ ᠲᠣᠭᠤᠷᠢᠭ ᠲᠤ 16᠂ ᠣᠩᠨᠢᠭᠤᠳ ᠬᠤᠰᠢᠭᠤᠨ ᠳᠤ 21 ᠪᠣᠢ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 4  ︵ᠴᠥᠮ ᠰᠢᠯᠢᠩᠬᠤᠲᠠ ᠳᠤ ᠪᠣᠢ᠂ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︶ ᠪᠣᠢ︔ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 77 ᠨᠡᠮᠡᠭᠳᠡᠪᠡ᠂ ᠡᠭᠦᠨ ᠳᠤ ᠤᠯᠠᠭᠠᠨᠬᠠᠳᠠ ᠬᠤᠲᠠ ᠳᠤ 74 ︵ᠬᠤᠩᠱᠠᠨ ᠲᠣᠭᠤᠷᠢᠭ ᠲᠤ 6 ᠂ ᠰᠦᠩᠱᠠᠨ ᠲᠣᠭᠤᠷᠢᠭ ᠲᠤ 47᠂ ᠣᠩᠨᠢᠭᠤᠳ ᠬᠤᠰᠢᠭᠤᠨ ᠳᠤ 21 ᠪᠣᠶ᠃ ᠡᠭᠦᠨ ᠳᠤ 69 ᠶᠢ ᠨᠢ ᠲᠤᠰᠠᠭᠠᠷᠯᠠᠬᠤ ᠴᠡᠭ ᠠᠴᠠ ᠪᠠᠶᠢᠴᠠᠭᠠᠨ ᠭᠠᠷᠭᠠᠵᠤ᠂ 5 ᠶᠢ ᠨᠢ ᠪᠢᠲᠡᠭᠦᠦ ᠴᠠᠭᠠᠷᠢᠭ ᠤᠨ ᠬᠠᠮᠢᠶᠠᠷᠤᠯᠲᠠ ᠳᠤ ᠪᠠᠶᠢᠬᠤ ᠬᠦᠮᠦᠰ ᠢ ᠰᠢᠭᠰᠢᠨ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 3 ︵ᠰᠢᠯᠢᠩᠬᠤᠲᠠ ᠳᠤ 2  ᠪᠣᠢ᠂ ᠴᠥᠮ ᠲᠤᠰᠠᠭᠠᠷᠯᠠᠬᠤ ᠴᠡᠭ ᠠᠴᠠ ᠪᠠᠶᠢᠴᠠᠭᠠᠵᠤ ᠭᠠᠷᠭᠠᠪᠠ︔ ᠡᠷᠢᠶᠡᠨ ᠬᠤᠳᠠ ᠳᠤ 1 ᠪᠣᠢ᠂ ᠭᠤᠣᠯᠳᠠᠯᠭ᠎ᠠ ᠲᠠᠢ ᠬᠥᠮᠥᠰ ᠢ ᠪᠠᠶᠢᠴᠠᠭᠠᠬᠤ ᠶᠤᠰᠤᠳᠠᠢ ᠶᠢ ᠪᠦᠬᠦᠨ ᠢ ᠪᠠᠶᠢᠴᠠᠭᠠᠬᠤ ᠳᠤᠮᠳᠠ ᠪᠠᠶᠢᠴᠠᠭᠠᠵᠤ ᠭᠠᠷᠭᠠᠪᠠ︶  ᠪᠣᠢ᠃  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ  ᠠᠴᠠ 3  ᠬᠦᠮᠦᠨ ᠢᠯᠠᠷᠢᠰᠢᠵᠦ ᠡᠮᠨᠡᠯᠭᠡ ᠠᠴᠠ ᠭᠠᠷᠪᠠ᠂ ᠴᠥᠮ ᠰᠢᠯᠢ ᠶᠢᠨ ᠭᠤᠣᠯ ᠠᠶᠢᠮᠠᠭ ᠤᠨ ᠡᠷᠢᠶᠡᠨ ᠬᠤᠲᠠ ᠳᠤ ᠪᠣᠶ᠂  ᠣᠷᠣᠨ ᠨᠤᠲᠤᠭ ᠤᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ 3 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠬᠥᠬᠡᠬᠤᠲᠠ ᠳᠤ 1 ︵ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠪᠠ︶᠂ ᠰᠢᠯᠢ ᠶᠢᠨ ᠭᠤᠣᠯ ᠠᠶᠢᠮᠠᠭ ᠲᠤ 2 ︵ᠴᠥᠮ ᠡᠷᠢᠶᠡᠨ ᠬᠤᠲᠠ ᠳᠤ ᠪᠣᠶ︶ ᠪᠣᠶ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ ᠠᠴᠠ 1 ᠬᠦᠮᠦᠨ ᠢᠯᠠᠷᠢᠰᠢᠵᠦ ᠡᠮᠨᠡᠯᠭᠡ ᠠᠴᠠ  ᠭᠠᠷᠪᠠ᠂ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠡᠪᠡᠳᠴᠢᠨ ᠤ  ᠢᠯᠡᠷᠡᠯ ᠦᠭᠡᠢ  ᠬᠠᠯᠳᠠᠪᠤᠷᠢᠯᠠᠭᠳᠠᠭᠴᠢ ᠠᠴᠠ1 ᠬᠦᠮᠦᠨ ᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠣᠯᠠᠨ ᠤᠯᠤᠰ ᠤᠨ ᠡᠭᠡᠯᠵᠢ ᠶᠢᠨ ᠨᠢᠰᠬᠡᠯ ᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠤᠪᠢᠶᠠᠷᠢᠯᠠᠨ ᠪᠠᠭᠤᠯᠭᠠᠭᠰᠠᠨ᠃      9 ᠳ᠋ᠤᠭᠡᠷ ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠤᠯᠠᠭᠰᠠᠨ ᠡᠪᠡᠳᠴᠢᠨ ᠤ ᠵᠢᠱᠢᠶ᠎ᠡ 252 ᠪᠤᠶ᠃ ᠡᠭᠦᠨ ᠳᠤ ᠬᠥᠬᠡᠬᠤᠲᠠ ᠳᠤ 4 ︵ᠴᠥᠮ ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠥᠮᠥᠨ ᠵᠢᠴᠢ ᠣᠶᠢᠷ᠎ᠠ ᠬᠠᠪᠢᠳᠠᠯ︶᠂ ᠬᠥᠯᠥᠨ ᠪᠤᠶᠢᠷ ᠬᠤᠲᠠ ᠳᠤ 7 ︵ᠴᠥᠮ ᠮᠠᠨᠵᠤᠤᠷ ᠬᠤᠲᠠ ᠳᠤ ᠪᠣᠶ︶᠂ ᠤᠯᠠᠭᠠᠨᠬᠠᠳᠠ ᠬᠤᠲᠠ ᠳᠤ 207 ᠬᠥᠮᠥᠨ ︵ᠬᠤᠩᠱᠠᠨ ᠲᠣᠭᠤᠷᠢᠭ ᠲᠤ 5᠂ ᠰᠦᠩᠱᠠᠨ ᠲᠣᠭᠤᠷᠢᠭ ᠲᠤ 67᠂ ᠣᠩᠨᠢᠭᠤᠳ ᠬᠤᠰᠢᠭᠤᠨ ᠳᠤ 135 ᠪᠣᠢ︶᠂ ᠰᠢᠯᠢ ᠶᠢᠨ ᠭᠤᠣᠯ ᠠᠶᠢᠮᠠᠭ ᠲᠤ 31 ︵ᠰᠢᠯᠢᠩᠬᠤᠲᠠ ᠳᠤ 15᠂ ᠡᠷᠢᠶᠡᠨ ᠬᠤᠲᠠ ᠳᠤ 16 ᠪᠣᠢ︶᠂ ᠣᠷᠳᠣᠰ ᠬᠤᠲᠠ ᠳᠤ 3 ︵ᠴᠥᠮ ᠡᠵᠡᠨ ᠬᠤᠷᠤᠭ᠎ᠠ ᠬᠤᠰᠢᠭᠤᠨ ᠳᠤ ᠪᠣᠶ︶ ᠪᠣᠢ᠂  ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 312 ᠪᠣᠶ᠂ ᠡᠭᠦᠨ ᠳᠤ ᠬᠥᠬᠡᠬᠤᠲᠠ ᠳᠤ 1 ︵  ᠬᠦᠷᠴᠦ ᠢᠷᠡᠭᠰᠡᠨ ᠲᠤᠬᠠᠢ ᠶᠢᠨ ᠭᠠᠵᠠᠷ ᠲᠤᠨᠢ ᠪᠦᠭᠡᠮ ᠬᠦᠴᠢᠯ ᠤᠨ ᠪᠠᠶᠢᠴᠠᠭᠠᠯᠲᠠ ᠬᠢᠭᠡᠳ ᠪᠠᠶᠢᠴᠠᠭᠠᠵᠤ ᠭᠠᠷᠭᠠᠭᠰᠠᠨ ᠬᠦᠮᠦᠨ ᠤ ᠣᠶᠢᠷ᠎ᠠ ᠬᠠᠪᠢᠳᠠᠯ︶᠂ ᠤᠯᠠᠭᠠᠨᠬᠠᠳᠠ ᠬᠤᠲᠠ ᠳᠤ 249 ︵ᠬᠤᠩᠱᠠᠨ ᠲᠣᠭᠤᠷᠢᠭ ᠲᠤ 7᠂ ᠰᠦᠩᠱᠠᠨ ᠲᠣᠭᠤᠷᠢᠭ ᠲᠤ 64᠂ ᠣᠩᠨᠢᠭᠤᠳ ᠬᠤᠰᠢᠭᠤᠨ ᠳᠤ 178 ᠪᠣᠢ︶᠂ ᠰᠢᠯᠢ ᠶᠢᠨ ᠭᠤᠣᠯ ᠠᠶᠢᠮᠠᠭ ᠲᠤ 62 ︵ᠰᠢᠯᠢᠩᠬᠤᠲᠠ ᠳᠤ 29᠂ ᠡᠷᠢᠶᠡᠨ ᠬᠤᠲᠠ ᠳᠤ 33 ᠪᠣᠢ︶ ᠪᠣᠶ᠃ ᠬᠢᠯᠢ ᠶᠢᠨ ᠭᠠᠳᠠᠨ᠎ᠠ ᠠᠴᠠ ᠣᠷᠤᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 7᠂ ᠡᠪᠡᠳᠴᠢᠨ ᠤ ᠢᠯᠡᠷᠡᠯ ᠦᠭᠡᠢ ᠪᠠᠷ ᠬᠠᠯᠳᠠᠪᠤᠷᠢᠯᠠᠭᠳᠠᠭᠴᠢ 4 ᠪᠠᠶᠢᠵᠤ᠂ ᠬᠥᠬᠡᠬᠤᠲᠠ ᠳᠤ ᠪᠣᠶ᠃ ᠳᠡᠭᠡᠷᠡᠬᠢ ᠬᠥᠮᠥᠰ  ᠢ ᠴᠥᠮ  ᠲᠤᠭᠲᠠᠭᠰᠠᠨ ᠡᠮᠨᠡᠯᠭᠡ  ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ