︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 9 ᠤ ᠡᠳᠦᠷ᠂ ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ︽ᠲᠥᠪᠯᠡᠷᠡᠭᠦᠯᠦᠨ ᠬᠢᠨᠠᠨ | ᠵᠥᠪᠰᠢᠶᠡᠷᠡᠬᠦ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠶᠣᠰᠣᠯᠠᠯ ᠳᠤ ᠣᠷᠣᠯᠴᠠᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠰᠠᠷ᠎ᠠ | ︾ ᠵᠢᠩᠬᠢᠨᠢ ᠪᠠᠷ ᠡᠬᠢᠯᠡᠭᠰᠡᠨ ᠢ ᠵᠠᠷᠯᠠᠪᠠ᠃ | ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠬᠤᠲᠠ ︽ᠬᠤᠣᠰ ᠮᠢᠩᠭᠠᠨ ᠤ ᠢᠨᠵᠧᠨᠧᠷᠢᠩ︾ ᠢ ᠦᠷᠭᠦᠯᠵᠢᠯᠡᠨ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠢ | ᠬᠡᠷᠡᠭᠵᠢᠭᠦᠯᠵᠦ᠂ ᠪᠥᠬᠦ ᠵᠢᠯ ᠳᠤ ᠭᠤᠣᠯᠳᠠᠯᠭ᠎ᠠ ᠲᠠᠢ ᠲᠥᠷᠥᠯ ᠵᠦᠢᠯ ᠢ 1100 ᠠᠴᠠ ᠳᠡᠭᠡᠭᠰᠢ ᠬᠡᠷᠡᠭᠵᠢᠭᠦᠯᠵᠦ᠂ ᠣᠨ ᠤ ᠪᠡᠯᠡ ᠣᠷᠣᠭᠤᠯᠤᠯᠲᠠ ᠶᠢ 1200 ᠳ᠋ᠦᠩᠰᠢᠭᠤᠷ | ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ ᠴᠢᠷᠮᠠᠶᠢᠨ᠎ᠠ᠃ ᠣᠳᠣᠬᠠᠨ ᠳᠤ᠂ ᠪᠥᠬᠦ ᠬᠤᠲᠠ ᠳᠤ ᠨᠡᠶᠢᠲᠡ 566 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠭᠠᠷ | ᠭᠦᠢᠴᠡᠳᠬᠡᠯ ᠢ ᠭᠦᠢᠴᠡᠳᠬᠡᠭᠰᠡᠨ ᠨᠣᠷᠮ᠎ᠠ ᠨᠢ ᠨᠢᠭᠡᠨᠲᠡ ᠬᠠᠭᠠᠰ ᠢ ᠳᠠᠪᠠᠭᠰᠠᠨ ᠪᠠᠶᠢᠨ᠎ᠠ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠡᠳᠦᠷ ᠲᠤ 83 ᠲᠥᠷᠥᠯ ᠵᠦᠢᠯ ᠳᠤ ᠬᠢᠨᠠᠨ ᠵᠥᠪᠰᠢᠶᠡᠷᠡᠭᠦᠯᠬᠦ ᠭᠠᠷᠳᠠᠮ ᠭᠦᠢᠴᠡᠳᠬᠡᠵᠦ᠂ ᠲᠥᠷᠥᠯ ᠵᠦᠢᠯ ᠤᠨ ᠶᠡᠷᠦᠩᠬᠡᠢ | ᠪᠡᠯᠡ ᠣᠷᠣᠭᠤᠯᠤᠯᠲᠠ ᠨᠢ 568 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ᠂ ᠬᠤᠲᠠ ᠶᠢᠨ ᠲᠣᠰ ᠱᠠᠲᠤᠨ ᠤ ᠬᠢᠨᠠᠨ ᠵᠥᠪᠰᠢᠶᠡᠷᠡᠬᠦ 15 ᠲᠥᠷᠥᠯ ᠵᠦᠢᠯ᠂ ᠬᠤᠰᠢᠭᠤ | ᠰᠢᠶᠠᠨ ᠲᠣᠭᠤᠷᠢᠭ ᠤᠨ ᠬᠢᠨᠠᠨ ᠵᠥᠪᠰᠢᠶᠡᠷᠡᠬᠦ 68 ᠲᠥᠷᠥᠯ ᠵᠦᠢᠯ ᠪᠣᠶ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ | ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠣᠷᠳᠣᠰ ᠪᠠᠩᠬᠢ᠂ ᠵᠥᠩ ᠰᠢᠨ ᠪᠠᠩᠬᠢ ᠵᠡᠷᠭᠡ ᠬᠥᠬᠡᠬᠤᠲᠠ ᠳᠤ ᠰᠠᠭᠤᠭ᠎ᠠ 5 ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠬᠤᠲᠠ ᠶᠢᠨ ᠰᠢᠲᠠᠮᠠᠬᠠᠢ ᠬᠡᠢ ᠶᠢᠨ ᠳᠤᠯᠠᠭᠠᠯᠠᠭ᠎ᠠ ᠶᠢᠨ ᠪᠦᠯᠦᠭᠯᠡᠯ᠂ ᠥᠪᠥᠷ ᠮᠣᠩᠭᠤᠯ ᠤᠨ ᠱᠧᠩ ᠮᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠣᠯᠠᠨ ᠨᠡᠶᠢᠲᠡ ᠶᠢᠨ ᠠᠵᠢᠯ ᠦᠢᠯᠡᠰ ᠤᠨ ᠬᠢᠵᠠᠭᠠᠷᠲᠤ ᠺᠣᠮᠫᠠᠨᠢ᠂ ᠬᠤᠲᠠ ᠶᠢᠨ ᠵᠠᠮ ᠬᠠᠷᠢᠯᠴᠠᠭᠠᠨ ᠤ ᠪᠦᠯᠦᠭᠯᠡᠯ᠂ ᠮᠧᠩ ᠼᠤᠤ ᠠᠮᠢ | ᠠᠬᠤᠢ ᠶᠢᠨ ᠺᠣᠮᠫᠠᠨᠢ ᠵᠡᠷᠭᠡ 5 ᠲᠥᠯᠥᠭᠡᠯᠡᠭᠴᠢ ᠠᠵᠤ ᠠᠬᠤᠶᠢᠯᠠᠯ ᠲᠠᠢ ᠭᠡᠷ᠎ᠡ ᠲᠣᠭᠲᠠᠪᠠ᠃ ᠣᠲᠣ ᠪᠣᠯᠲᠠᠯ᠎ᠠ᠂ 16 ᠪᠠᠩᠬᠢ ᠶᠢᠨ ᠪᠠᠶᠢᠭᠤᠯᠤᠮᠵᠢ 42 ᠭᠤᠣᠯᠳᠠᠯᠭ᠎ᠠ ᠲᠠᠢ ᠲᠥᠷᠥᠯ | ᠵᠦᠢᠯ ᠳᠤ ᠢᠲᠡᠭᠡᠮᠵᠢ ᠣᠯᠭᠤᠨ ᠳᠡᠮᠵᠢᠯᠭᠡ ᠦᠵᠡᠭᠦᠯᠵᠦ᠂ ᠪᠥᠬᠦ ᠵᠣᠭᠤᠰᠤᠨ ᠲᠤᠭ᠎ᠠ ᠨᠢ 357.5 ᠳ᠋ᠦᠩᠰᠢᠭᠤᠷ ᠲᠥᠭᠦᠷᠢᠭ ᠲᠤ ᠬᠦᠷᠴᠦ᠂ ᠭᠤᠣᠯᠳᠠᠯᠭ᠎ᠠ ᠲᠠᠢ ᠲᠥᠷᠥᠯ | ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠳᠤ ᠬᠦᠴᠦᠨ ᠨᠡᠮᠡᠷᠢᠯᠡᠪᠡ᠃ | ᠶᠣᠰᠣᠯᠠᠯ ᠳᠡᠭᠡᠷ᠎ᠡ ︽ᠬᠥᠬᠡᠬᠤᠲᠠ ᠶᠢᠨ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠨ ᠬᠢᠨᠠᠵᠤ ᠲᠦᠷᠭᠡᠨ ᠭᠦᠢᠴᠡᠳᠬᠡᠬᠦ ᠬᠤᠷᠢᠨ ᠵᠦᠢᠯ ᠤᠨ ᠠᠷᠭ᠎ᠠ ᠬᠡᠮᠵᠢᠶ᠎ᠡ︾ ︵ | ᠳᠣᠷᠣᠭᠰᠢ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠭᠡᠵᠦ ᠲᠣᠪᠴᠢᠯᠠᠨ᠎ᠠ︶ ᠶᠢ ᠨᠡᠶᠢᠲᠡᠯᠡᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ︽ᠬᠤᠷᠢᠨ ᠵᠦᠢᠯ ᠤᠨ ᠠᠷᠭ᠎ᠠ | ᠬᠡᠮᠵᠢᠶ᠎ᠡ︾ ᠶᠢ ︽ᠬᠤᠣᠰ ᠰᠢᠯᠢᠳᠡᠭ︾ ᠲᠤᠰᠬᠠᠢ ᠠᠵᠢᠯᠯᠠᠭ᠎ᠠ ᠥᠷᠨᠢᠭᠦᠯᠬᠦ ᠲᠠᠢ ᠤᠶᠠᠯᠳᠤᠭᠤᠯᠤᠨ᠂ ︽ᠬᠤᠣᠰ ᠲᠣᠳᠣᠷᠬᠠᠢ ᠬᠠᠭᠤᠳᠠᠰᠤ︾ ︵︽ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠢ ᠰᠢᠯᠢᠳᠡᠭᠵᠢᠭᠦᠯᠵᠦ ᠡᠷᠬᠡ ᠶᠢ ᠪᠠᠭᠠᠰᠬᠠᠵᠤ ᠡᠷᠬᠡ ᠶᠢ ᠪᠠᠭᠤᠯᠭᠠᠬᠤ ᠲᠣᠳᠣᠷᠬᠠᠢ ᠬᠠᠭᠤᠳᠠᠰᠤ︾ ︽ᠠᠵᠢᠯ ᠤᠨ ᠴᠤᠪᠤᠷᠠᠯ ᠢ ᠰᠢᠯᠢᠳᠡᠭᠵᠢᠭᠦᠯᠬᠦ ᠲᠣᠳᠣᠷᠬᠠᠢ | ᠬᠠᠭᠤᠳᠠᠰᠤ︾︶ ᠶᠢ ᠰᠢᠯᠢᠳᠡᠭᠵᠢᠭᠦᠯᠵᠦ᠂ ︽ᠰᠢᠭᠤᠳ ᠪᠠᠭᠤᠯᠭᠠᠬᠤ᠂ ᠨᠠᠶᠢᠳᠠᠨ ᠬᠡᠷᠡᠭᠵᠢᠭᠦᠯᠬᠦ᠂ ᠣᠷᠣᠯᠠᠨ ᠬᠦᠯᠢᠶᠡᠨ ᠠᠪᠴᠤ ᠣᠷᠣᠯᠠᠨ ᠭᠦᠢᠴᠡᠳᠬᠡᠬᠦ᠂ ᠣᠷᠣᠯᠠᠨ ᠬᠦᠯᠢᠶᠡᠨ | ᠠᠪᠴᠤ ᠰᠢᠯᠵᠢᠭᠦᠯᠦᠨ ᠭᠦᠢᠴᠡᠳᠬᠡᠬᠦ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠨ ᠵᠥᠪᠰᠢᠶᠡᠷᠡᠬᠦ ᠭᠤᠭᠴᠤᠭ᠎ᠠ ᠨᠢ ᠬᠤᠷᠳᠤᠴᠠ ᠲᠠᠢ᠂ ᠲᠥᠷᠥᠯ ᠵᠦᠢᠯ ᠤᠨ ᠠᠵᠢᠯᠯᠠᠭᠠᠨ | ᠨᠢ ᠥᠨᠳᠥᠷ ᠪᠦᠲᠦᠮᠵᠢᠲᠡᠶ᠂ ᠬᠥᠭᠵᠢᠯᠲᠡ ᠨᠢ ᠨᠠᠩ ᠶᠠᠰᠤ ᠴᠢᠨᠠᠷ ᠲᠠᠢ ᠪᠣᠯᠬᠤ ᠶᠢ ᠯᠠᠪᠳᠠᠭᠤᠨ ᠪᠦᠲᠦᠮᠵᠢᠲᠡᠶ ᠠᠬᠢᠭᠤᠯᠤᠨ᠎ᠠ᠃ | ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠵᠠᠩ ᠵᠢᠢ ᠹᠧᠢ᠂ ᠮᠠ ᠪᠢᠩ ᠴᠢᠤᠸᠠᠨ ᠣᠷᠣᠯᠴᠠᠵᠤ᠂ ᠯᠢ ᠰᠢᠶᠣᠣ ᠶᠠᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ | ᠭᠠᠷᠳᠠᠮ ᠢ ᠭᠦᠢᠴᠡᠳᠬᠡᠭᠰᠡᠨ ᠪᠠᠶᠢᠳᠠᠯ ᠢ ᠮᠡᠳᠡᠭᠳᠡᠭᠰᠡᠨ ᠪᠥᠭᠡᠳ ︽ᠬᠤᠷᠢᠨ ᠵᠦᠢᠯ ᠤᠨ ᠠᠷᠭ᠎ᠠ ᠬᠡᠮᠵᠢᠶ᠎ᠡ︾ ᠶᠢ ᠲᠥᠬᠦᠮ ᠲᠠᠨᠢᠯᠴᠠᠭᠤᠯᠪᠠ᠃ |