ᠰᠢᠨ᠎ᠡ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠰᠢᠨ᠎ᠡ ᠢᠷᠡᠭᠡᠳᠦᠢ ᠶᠢ ᠴᠣᠭᠴᠠᠯᠠᠬᠤ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠲᠡᠮᠡᠭᠡᠲᠦ  ᠶᠢᠨ ᠬᠤᠲᠠ ᠶᠢᠨ ᠰᠦᠷᠦᠭᠵᠢᠯ ᠵᠢᠴᠢ ᠵᠢᠷᠭᠤᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠲᠠ ᠶᠢᠨ ᠳᠠᠷᠤᠭ᠎ᠠ ᠶᠢᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/10
ᠾᠧ ᠬᠠᠢ ᠳ᠋ᠦᠩ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 9 ᠤ ᠡᠳᠦᠷ᠂ ᠰᠢᠨ᠎ᠡ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ ᠰᠢᠨ᠎ᠡ ᠢᠷᠡᠭᠡᠳᠦᠢ ᠶᠢ ᠴᠣᠭᠴᠠᠯᠠᠬᠤ ᠳᠥᠷᠪᠡᠳᠦᠭᠡᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠲᠡᠮᠡᠭᠡᠲᠦ  ᠶᠢᠨ ᠬᠤᠲᠠ ᠶᠢᠨ ᠰᠦᠷᠦᠭᠵᠢᠯ ᠵᠢᠴᠢ ᠵᠢᠷᠭᠤᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢᠨ ᠬᠤᠲᠠ ᠶᠢᠨ ᠳᠠᠷᠤᠭ᠎ᠠ ᠶᠢᠨ ᠬᠠᠮᠲᠤᠷᠠᠭᠰᠠᠨ ᠬᠤᠷᠠᠯ ᠣᠷᠳᠣᠰ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠱᠠᠨᠰᠢ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠴᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠲᠠᠪᠤᠨ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠸᠢᠳᠢᠤ᠋ ᠪᠠᠷ ᠵᠠᠯᠭᠠᠨ ᠬᠠᠮᠲᠤᠪᠠᠷ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠳᠡᠯᠴᠡᠵᠦ᠂ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠥᠬᠡᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      ᠾᠧ ᠬᠠᠢ ᠳ᠋ᠦᠩ ᠶᠠᠷᠢᠶᠠᠨ ᠳᠠᠭᠠᠨ᠂ 2022 ᠣᠨ ᠳᠤ᠂ ᠬᠥᠬᠡᠬᠤᠲᠠ ᠪᠤᠭᠤᠲᠤ ᠬᠤᠳᠠ᠂ ᠣᠷᠳᠣᠰ ᠬᠤᠳᠠ᠂ ᠲᠡᠮᠡᠭᠡᠲᠦ ᠬᠤᠳᠠ᠂ ᠤᠯᠠᠭᠠᠨᠴᠠᠪ ᠬᠤᠳᠠ ᠲᠠᠢ ᠬᠠᠷᠢᠯᠴᠠᠨ ᠬᠠᠪᠰᠤᠷᠤᠯᠴᠠᠵᠤ᠂ ᠨᠢᠭᠲᠠ ᠬᠠᠮᠵᠢᠯᠴᠠᠨ᠂ ᠣᠷᠣᠨ ᠪᠦᠰᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠤᠷᠤᠭᠰᠢᠲᠠᠢ ᠠᠬᠢᠭᠤᠯᠵᠠᠢ᠃ ᠡᠨᠡ ᠨᠢᠭᠡ ᠵᠢᠯ ᠳᠤ᠂ ᠬᠥᠬᠡᠬᠤᠲᠠ ᠪᠦᠷᠢᠨ ᠲᠡᠭᠦᠯᠳᠡᠷ ᠠᠵᠢᠯ ᠤᠨ ᠲᠥᠰᠥᠯ ᠲᠣᠭᠲᠠᠭᠠᠵᠤ᠂ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ ᠬᠡᠷᠡᠭᠵᠢᠭᠦᠯᠵᠦ᠂ ︽ᠠᠵᠤ ᠦᠢᠯᠡᠰ ᠤᠨ ᠪᠥᠭᠡᠮᠨᠡᠷᠡᠯ︾ ᠤᠨ ᠳᠠᠪᠠᠭᠤᠯᠢᠭ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠰᠣᠶᠣᠯ ᠵᠢᠭᠤᠯᠴᠢᠯᠠᠯ ᠠᠭᠤᠰᠤᠯᠴᠠᠭᠰᠠᠨ ᠬᠥᠭᠵᠢᠯᠲᠡ ᠳᠤ ᠰᠢᠨ᠎ᠡ ᠰᠢᠪᠲᠤᠯᠤᠯᠲᠠ ᠭᠠᠷᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠬᠤᠯᠪᠤᠭᠠᠯᠠᠨ ᠰᠡᠷᠭᠡᠶᠢᠯᠡᠵᠦ ᠬᠠᠮᠲᠤ ᠪᠠᠷ ᠵᠠᠰᠠᠵᠤ᠂ ᠨᠢᠭᠡ ᠪᠦᠯᠦᠭ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠲᠤ ᠨᠡᠶᠢᠳᠡᠮ ᠭᠦᠢᠴᠡᠳᠬᠡᠬᠦ︾ ᠵᠦᠢᠯᠡᠰ ᠢ ᠰᠢᠨ᠎ᠡ ᠪᠠᠷ ᠨᠡᠮᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠥᠬᠡᠬᠤᠲᠠ ︽ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ︾᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾᠂ ︽ᠰᠣᠶᠣᠯ ᠵᠢᠭᠤᠯᠴᠢᠯᠠᠯ ᠠᠭᠤᠰᠤᠯᠴᠠᠭᠰᠠᠨ ᠬᠥᠭᠵᠢᠯᠲᠡ︾᠂ ︽ᠣᠶᠤᠨᠲᠤ ᠬᠤᠳᠠ ᠶᠢᠨ ᠪᠦᠲᠦᠭᠡᠨ ᠪᠠᠶᠢᠭᠤᠯᠤᠯᠲᠠ︾᠂ ︽ᠤᠯᠠᠨ ᠲᠦᠮᠡᠨ ᠳᠤ ᠦᠢᠯᠡᠴᠢᠯᠡᠵᠦ ᠪᠠᠲᠤᠯᠠᠬᠤ︾ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠢᠳᠡᠪᠬᠢᠲᠡᠢ ᠨᠡᠭᠡᠭᠡᠯᠲᠡ ᠲᠠᠢ ᠣᠪᠣᠷ ᠪᠠᠶᠢᠳᠠᠯ ᠢᠶᠠᠷ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠬᠠᠷᠢᠯᠴᠠᠭ᠎ᠠ ᠬᠤᠯᠪᠣᠭ᠎ᠠ ᠪᠠᠨ ᠴᠢᠩᠭᠠᠳᠬᠠᠵᠤ᠂ ᠦᠨᠡᠨᠴᠢ ᠪᠠᠷ ᠬᠠᠮᠲᠤᠷᠠᠯᠴᠠᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠲᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ ᠰᠠᠶᠢᠲᠠᠢ ᠬᠥᠭᠵᠢᠯᠲᠡ ᠲᠠᠢ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠲᠦᠷᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠤᠷᠠᠯ ᠠᠴᠠ ︽ᠬᠥᠬᠡᠬᠤᠲᠠ ᠪᠤᠭᠤᠲᠤ ᠣᠷᠳᠣᠰ ᠲᠡᠮᠡᠭᠡᠲᠦ ᠤᠯᠠᠭᠠᠨᠴᠠᠪ ᠤᠨ ᠦᠢᠯᠡᠳᠪᠦᠷᠢᠯᠡᠯ ᠰᠤᠷᠭᠠᠨ ᠬᠥᠮᠦᠵᠢᠯ ᠢ ᠠᠭᠤᠰᠤᠯᠴᠠᠭᠤᠯᠬᠤ ᠵᠥᠪᠯᠡᠯᠴᠡᠭᠡᠷ︾᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠶᠢᠨ ᠣᠶᠤᠨᠲᠤ ᠴᠣᠭᠴᠠ ᠶᠢ ᠬᠠᠮᠲᠤᠷᠠᠨ ᠨᠡᠭᠡᠭᠡᠨ ᠬᠥᠭᠵᠢᠭᠦᠯᠬᠦ ᠵᠥᠪᠯᠡᠯᠴᠡᠭᠡᠷ︾᠂ ︽ᠬᠥᠬᠡᠬᠤᠲᠠ ᠪᠤᠭᠤᠲᠤ ᠣᠷᠳᠣᠰ ᠤᠯᠠᠭᠠᠨᠴᠠᠪ ᠬᠤᠳᠠ ᠶᠢᠨ ᠰᠢᠨ᠎ᠡ ᠡᠨᠧᠷᠭᠢ ᠶᠢᠨ ᠲᠤᠭ᠎ᠠ ᠪᠠᠷᠢᠮᠲᠠ ᠶᠢᠨ ᠬᠠᠭᠤᠷᠠᠢ ᠶᠢᠨ ᠭᠠᠷᠠᠮ ᠤᠨ ᠣᠶᠣᠨᠲᠣ ᠰᠢᠨᠵᠢᠯᠡᠭᠡ ᠮᠡᠷᠭᠡᠵᠢᠯ ᠤᠨ ᠪᠠᠷᠠᠭᠠᠨ ᠤ ᠭᠦᠢᠯᠭᠡᠭᠡᠨ ᠤ ᠵᠥᠪᠯᠡᠯᠴᠡᠭᠡᠷ︾ ︽ᠣᠷᠳᠣᠰ ᠬᠤᠲᠠ - ᠲᠡᠮᠡᠭᠡᠲᠦ ᠬᠤᠲᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠤ ᠭᠠᠷ ᠤᠨ ᠦᠰᠦᠭ ᠵᠢᠷᠤᠪᠠ᠃      ᠬᠤᠳᠠ ᠶᠢᠨ ᠳᠡᠳ᠋ ᠳᠠᠷᠤᠭ᠎ᠠ ᠯᠢ ᠰᠢᠶᠣᠣ ᠶᠠᠨ ᠵᠢᠴᠢ ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠ ᠶᠢᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ