ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 56 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ | ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ︽ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠬᠦ ᠪᠤᠴᠠᠭᠠᠬᠤ ᠬᠡᠷᠡᠭᠵᠢᠭᠦᠯᠬᠦ ᠨᠠᠷᠢᠨ ᠳᠦᠷᠢᠮ︾ | ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ | ᠵᠢᠷᠤᠮᠯᠠᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 8 ᠳ᠋ᠤᠭᠠᠷ ᠰᠠᠷ᠎ᠠ ᠶᠢᠨ 31 ᠤ ᠡᠳᠦᠷ | | ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠯᠡᠬᠦ ᠪᠤᠴᠠᠭᠠᠬᠤ | ᠬᠡᠷᠡᠭᠵᠢᠭᠦᠯᠬᠦ ᠨᠠᠷᠢᠨ ᠳᠦᠷᠢᠮ | | | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠦᠷᠢᠶᠡᠰᠦᠯᠡᠬᠦ | ᠬᠥᠮᠥᠨ ᠤ ᠬᠢᠷᠢ ᠬᠡᠮ ᠢ ᠬᠢᠨᠠᠨ ᠪᠠᠶᠢᠴᠠᠭᠠᠬᠤ ᠶᠢ ᠵᠢᠷᠤᠮᠵᠢᠭᠤᠯᠤᠨ᠂ ᠲᠦᠷᠢᠶᠡᠰᠦᠯᠡᠬᠦ ᠪᠤᠴᠠᠭᠠᠬᠤ ᠲᠠᠰ ᠳᠠᠷᠠᠭᠠᠯᠠᠯ ᠢ ᠲᠣᠳᠣᠷᠬᠠᠢ ᠪᠣᠯᠭᠠᠵᠤ᠂ ᠰᠢᠨ᠎ᠡ ᠪᠠᠷ | ᠠᠵᠢᠯ ᠣᠯᠣᠭᠰᠠᠨ ᠭᠡᠷ ᠪᠠᠶᠢᠰᠢᠩ ᠦᠭᠡᠢ ᠣᠶᠤᠲᠠᠨ᠂ ᠵᠠᠯᠠᠭᠤᠴᠤᠳ᠂ ᠬᠤᠲᠠ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠰ ᠵᠡᠷᠭᠡ | ᠰᠢᠨ᠎ᠡ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠬᠦᠴᠢᠷᠳᠡᠯ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠤᠰᠠᠳᠠ ᠲᠣᠰ ᠨᠠᠷᠢᠨ | ᠳᠦᠷᠢᠮ ᠢ ᠲᠣᠭᠲᠠᠭᠠᠪᠠ᠃ | ᠨᠢᠭᠡᠳᠦᠭᠡᠷ ᠵᠦᠢᠯ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠡᠯᠡᠳᠬᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ | ᠰᠠᠭᠤᠴᠠ ᠳᠤ ᠴᠥᠮ ᠲᠣᠰ ᠨᠠᠷᠢᠨ ᠳᠦᠷᠢᠮ ᠢ ᠬᠡᠷᠡᠭᠯᠡᠨ᠎ᠡ᠃ | ᠬᠤᠶᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ ᠭᠤᠣᠯᠳᠠᠭᠤ ᠲᠤᠰ ᠬᠤᠳᠠ ᠳᠤ ᠪᠠᠶᠢᠩᠭᠤ ᠰᠠᠭᠤᠭ᠎ᠠ ᠭᠡᠷ | ᠪᠠᠶᠢᠰᠢᠩ ᠦᠭᠡᠢ ᠵᠠᠯᠠᠭᠤᠴᠤᠳ ᠪᠣᠯᠣᠨ ᠰᠢᠨ᠎ᠡ ᠬᠤᠳᠠ ᠶᠢᠨ ᠠᠷᠠᠳ ᠤᠨ ᠱᠠᠲᠤ ᠦᠶ᠎ᠡ ᠶᠢᠨ ᠴᠢᠨᠠᠷᠲᠠᠢ ᠣᠷᠣᠨ ᠰᠠᠭᠤᠴᠠ ᠶᠢᠨ ᠬᠦᠴᠢᠷᠳᠡᠯ ᠠᠰᠠᠭᠤᠳᠠᠯ ᠢ | ᠰᠢᠢᠳᠪᠦᠷᠢᠯᠡᠵᠦ᠂ ᠲᠦᠷᠢᠶᠡᠰᠦᠯᠡᠬᠦ ᠬᠥᠮᠥᠨ ᠨᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠲᠦᠷᠢᠶᠡᠰᠦᠯᠡᠬᠦ ᠬᠥᠮᠥᠨ ᠨᠢ ᠪᠦᠬᠦᠯᠢ 18 ᠨᠠᠰᠤ ᠬᠦᠷᠦᠭᠰᠡᠨ᠃ | ︵ᠬᠤᠶᠠᠷ︶ ᠲᠦᠷᠢᠶᠡᠰᠦᠯᠡᠬᠦ ᠬᠥᠮᠥᠨ ᠨᠢ ᠲᠤᠰ ᠬᠤᠳᠠ ᠳᠤ ᠠᠵᠢᠯ ᠣᠯᠣᠭᠰᠠᠨ ᠪᠤᠶᠤ ᠠᠳᠠᠯ ᠦᠢᠯᠡᠰ ᠴᠣᠭᠴᠠᠯᠠᠭᠰᠠᠨ᠃ | ︵ᠭᠤᠷᠪᠠ︶ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ︵ᠤᠷᠤᠭᠯᠠᠭᠰᠠᠨ ᠬᠥᠮᠥᠨ ᠤ ᠭᠡᠷ ᠪᠦᠯᠢ ᠶᠢᠨ ᠪᠦᠷᠢᠯᠳᠦᠭᠦᠨ ᠳᠤ ᠬᠠᠨᠢ | ᠢᠵᠢᠯᠢ᠂ ᠦᠷ᠎ᠡ ᠬᠡᠦᠬᠡᠳ ᠨᠢ ᠪᠠᠭᠲᠠᠨ᠎ᠠ᠂ ᠤᠷᠤᠭᠯᠠᠭᠠᠳᠤᠢ ᠬᠥᠮᠥᠨ ᠤ ᠭᠡᠷ ᠪᠦᠯᠢ ᠶᠢᠨ ᠪᠦᠷᠢᠯᠳᠦᠭᠦᠨ ᠳᠤ ᠡᠴᠢᠭᠡ ᠡᠬᠡ ᠨᠢ ᠪᠠᠭᠲᠠᠨ᠎ᠠ︶ ᠲᠣᠰ | ᠬᠤᠲᠠ ᠳᠤ ᠬᠤᠪᠢ ᠶᠢᠨ ᠣᠷᠣᠨ ᠰᠠᠭᠤᠴᠠ ᠦᠭᠡᠢ᠂ ᠨᠡᠶᠢᠲᠡ ᠶᠢᠨ ᠥᠮᠴᠢᠯᠡᠯ ᠤᠨ ᠣᠷᠣᠨ ᠰᠠᠭᠤᠴᠠ ᠶᠢ ᠲᠦᠷᠢᠶᠡᠰᠦᠯᠡᠵᠦ ᠰᠠᠭᠤᠭᠰᠠᠨ ᠦᠭᠡᠢ᠂ | ᠬᠤᠳᠠᠯᠳᠤᠭᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠯᠠᠬᠤ ᠠᠰᠠᠷ ᠪᠤᠶᠤ ᠪᠤᠰᠤᠳ ᠪᠡᠯᠡ ᠣᠷᠣᠭᠤᠯᠤᠯᠲᠠ ᠶᠢᠨ ᠴᠢᠨᠠᠷᠲᠠᠢ ᠭᠡᠷ ᠪᠠᠶᠢᠰᠢᠩ ᠬᠤᠳᠠᠯᠳᠤᠨ | ᠠᠪᠤᠭᠰᠠᠨ ᠦᠭᠡᠢ᠃ ᠭᠡᠪᠡᠴᠦ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠨᠢ ᠬᠤᠰᠢᠭᠤ ᠰᠢᠶᠠᠨ ᠳᠤ ᠭᠡᠷ ᠬᠥᠷᠥᠩᠭᠡ ᠲᠠᠢ ᠪᠠᠶᠢᠵᠤ᠂ | ᠠᠵᠢᠯ ᠤᠨ ᠬᠡᠷᠡᠭᠴᠡᠭᠡ ᠠᠴᠠ ᠪᠣᠯᠵᠤ ᠬᠤᠲᠠ ᠶᠢᠨ ᠲᠣᠭᠤᠷᠢᠭ ᠲᠤ ᠪᠠᠶᠢᠩᠭᠤ ᠰᠠᠭᠤᠭ᠎ᠠ︔ ᠡᠰᠡᠬᠦᠯ᠎ᠡ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ | ᠪᠦᠷᠢᠯᠳᠦᠭᠦᠨ ᠨᠢ ᠬᠤᠲᠠ ᠶᠢᠨ ᠲᠣᠭᠤᠷᠢᠭ ᠲᠤ ᠭᠡᠷ ᠬᠥᠷᠥᠩᠭᠡ ᠲᠠᠢ ᠪᠠᠶᠢᠵᠤ᠂ ᠠᠵᠢᠯ ᠤᠨ ᠬᠡᠷᠡᠭᠴᠡᠭᠡ ᠠᠴᠠ ᠪᠣᠯᠵᠤ ᠬᠤᠷᠢᠨᠭᠡᠷ ᠰᠢᠨ᠎ᠡ ᠲᠣᠭᠤᠷᠢᠭ᠂ | ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠠᠶᠢᠷᠲᠤ ᠠᠶᠢᠯ ᠤᠨ | ᠬᠦᠷᠢᠶᠡᠯᠡᠩ ᠲᠣᠭᠤᠷᠢᠭ ᠪᠣᠯᠣᠨ ᠲᠣᠭᠲᠠᠬᠤ ᠴᠢᠩ ᠱᠦᠢ ᠾᠧ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠩᠭᠤ ᠰᠠᠭᠤᠭ᠎ᠠ ᠪᠣᠯ᠂ | ᠪᠠᠶᠢᠩᠭᠤ ᠰᠠᠭᠤᠭ᠎ᠠ ᠭᠠᠵᠠᠷ ᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠵᠤ ᠪᠣᠯᠣᠨ᠎ᠠ᠃ | ︵ᠳᠥᠷᠪᠡ︶ ᠣᠷᠣᠯᠭ᠎ᠠ ᠨᠢ ᠲᠣᠭᠲᠠᠪᠤᠷᠢᠲᠠᠢ᠂ ᠲᠦᠷᠢᠶᠡᠰᠦᠨ ᠮᠥᠩᠭᠦ ᠶᠢ ᠲᠥᠯᠥᠬᠦ ᠴᠢᠳᠠᠯ ᠲᠠᠢ ᠪᠠᠶᠢᠬᠤ᠃ | ᠭᠤᠷᠪᠠᠳᠤᠭᠠᠷ ᠵᠦᠢᠯ ᠲᠦᠷᠢᠶᠡᠰᠦᠯᠡᠬᠦ ᠬᠥᠮᠥᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠪᠴᠠᠩ ᠳᠡᠭᠡᠷ᠎ᠡ ᠳᠠᠩᠰᠠᠯᠠᠭᠤᠯᠵᠤ᠂ ᠭᠠᠷ ᠤᠲᠠᠰᠤᠨ ᠤ APP ᠢᠶᠠᠷ ᠰᠦᠯᠵᠢᠶᠡᠨ ᠳᠡᠭᠡᠷ᠎ᠡ ᠭᠤᠶᠣᠴᠢᠯᠠᠨ᠂ ᠥᠪᠡᠷ ᠢᠶᠠᠷ ᠭᠡᠷ | ᠰᠣᠩᠭᠤᠵᠤ ᠪᠣᠯᠣᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠲᠠᠬᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠤᠰ | ᠨᠢᠭᠡᠴᠡ ᠶᠢᠨ ᠨᠥᠬᠦᠴᠡᠯ ᠳᠤ ᠨᠡᠶᠢᠴᠡᠬᠦ ᠠᠵᠢᠯᠲᠠᠳ ᠲᠤ ᠤᠷᠢᠳᠠᠪᠠᠷ ᠬᠤᠪᠢᠶᠠᠵᠤ᠂ ᠦᠯᠡᠳᠡᠭᠰᠡᠨ ᠭᠡᠷ ᠢ ᠨᠡᠶᠢᠭᠡᠮ ᠤᠨ ᠵᠠᠬ᠎ᠠ ᠳᠡᠯᠭᠡᠭᠦᠷ ᠲᠤ ᠬᠠᠨᠳᠤᠭᠤᠯᠤᠨ᠎ᠠ᠃ | | ᠳᠥᠷᠪᠡᠳᠦᠭᠡᠷ ᠵᠦᠢᠯ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠭᠡᠷ ᠪᠠᠶᠢᠰᠢᠩ ᠲᠦᠷᠢᠶᠡᠰᠦᠯᠡᠬᠦ | ᠪᠠ ᠬᠤᠳᠠᠯᠳᠤᠨ ᠠᠪᠬᠤ ᠨᠥᠬᠦᠪᠦᠷᠢ ᠶᠢ ᠭᠥᠷᠳᠡᠭᠰᠡᠨ ᠦᠭᠡᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠪᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠳᠦᠷᠢᠶᠡᠰᠦᠯᠡᠵᠦ ᠰᠠᠭᠤᠪᠠᠯ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠵᠦ ᠪᠣᠯᠣᠨ᠎ᠠ | ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︵ᠳ᠋ᠣᠺᠲ᠋ᠣᠷᠠᠨᠲ ᠵᠢᠴᠢ ᠲᠡᠭᠦᠨ ᠠᠴᠠ ᠳᠡᠭᠡᠭᠰᠢᠬᠢ ᠶᠢ ᠪᠠᠭᠲᠠᠭᠠᠨ᠎ᠠ︶᠂ ᠠᠰᠫᠢᠷᠠᠨᠲ᠂ ᠵᠢᠩᠬᠢᠨᠢ | ᠠᠩᠭᠢ ᠶᠢᠨ ᠤᠶᠤᠲᠠᠨ ᠳᠤ ᠲᠣᠰ ᠲᠣᠰ 100% ᠪᠠᠷ᠂ 50% ᠪᠠᠷ᠂ 30% ᠪᠠᠷ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ ᠬᠠᠰᠤᠵᠤ | ᠬᠡᠯᠲᠦᠷᠢᠭᠦᠯᠬᠦ ᠬᠤᠭᠤᠴᠠᠭ᠎ᠠ ᠶᠢ 60 ᠰᠠᠷ᠎ᠠ ᠠᠴᠠ ᠬᠡᠲᠦᠷᠡᠭᠦᠯᠬᠦ ᠦᠭᠡᠢ᠂ ᠲᠦᠷᠢᠶᠡᠰᠦᠯᠡᠭᠰᠡᠨ ᠬᠥᠮᠥᠨ ᠲᠤᠰ ᠬᠤᠳᠠ ᠶᠢᠨ ᠠᠵᠢᠯ ᠠᠴᠠ ᠪᠠᠨ ᠰᠠᠯᠤᠭᠰᠠᠨ | ᠪᠤᠶᠤ ᠪᠠᠲᠤᠯᠠᠭ᠎ᠠ ᠶᠢᠨ ᠡᠲᠡᠭᠡᠳ ᠲᠤ ᠨᠡᠶᠢᠴᠡᠬᠦ ᠦᠭᠡᠢ ᠪᠣᠯᠤᠭᠰᠠᠨ ᠪᠠᠶᠢᠪᠠᠯ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ ᠲᠦᠷᠦ ᠶᠢᠨ | ᠪᠣᠳᠣᠯᠭ᠎ᠠ ᠬᠦᠷᠳᠡᠬᠦ ᠶᠢ ᠵᠣᠭᠰᠣᠭᠠᠨ᠎ᠠ᠃ | ᠲᠠᠪᠤᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠢᠶᠡᠰᠦᠯᠡᠬᠦ ᠳᠤ ᠬᠡᠷᠡᠭᠯᠡᠬᠦ ᠮᠠᠲ᠋ᠧᠷᠢᠶᠠᠯ ᠢ ᠪᠦᠬᠦᠨ ᠢ | ᠰᠦᠯᠵᠢᠶᠡᠨ ᠳᠡᠭᠡᠷ᠎ᠡ ᠭᠦᠢᠴᠡᠳᠬᠡᠵᠦ᠂ PDF ᠬᠡᠯᠪᠡᠷᠢ ᠶᠢᠨ ᠪᠢᠴᠢᠭ ᠮᠠᠲ᠋ᠧᠷᠢᠶᠠᠯ ᠢ ᠬᠠᠩᠭᠠᠨ᠎ᠠ᠃ | ︵ᠨᠢᠭᠡ︶ ᠲᠦᠷᠢᠶᠡᠰᠦᠯᠡᠬᠦ ᠬᠥᠮᠥᠨ ᠤ ᠬᠠᠩᠭᠠᠬᠤ ᠮᠠᠲ᠋ᠧᠷᠢᠶᠠᠯ | 1. ᠪᠡᠶ᠎ᠡ ᠶᠢᠨ ᠭᠠᠷᠤᠯ ᠤᠨ ᠭᠡᠷᠡᠴᠢ᠃ ᠲᠦᠷᠢᠶᠡᠰᠦᠯᠡᠬᠦ ᠬᠥᠮᠥᠨ ᠵᠢᠴᠢ ᠭᠡᠷ ᠪᠦᠯᠢ ᠶᠢᠨ ᠪᠦᠷᠢᠯᠳᠦᠭᠦᠨ ᠤ ᠪᠡᠶ᠎ᠡ ᠶᠢᠨ ᠦᠨᠡᠮᠯᠡᠯ᠂ ᠪᠡᠶ᠎ᠡ ᠶᠢᠨ ᠦᠨᠡᠮᠯᠡᠯ | ᠬᠢᠯᠭᠡᠭᠰᠡᠨ ᠦᠭᠡᠢ ᠪᠠᠶᠢᠪᠠᠯ ᠡᠷᠦᠬᠡ ᠠᠮᠠ ᠶᠢᠨ ᠨᠢᠭᠤᠷ ᠬᠠᠩᠭᠠᠨ᠎ᠠ᠃ | 2. ᠠᠵᠢᠯ ᠣᠯᠣᠭᠰᠠᠨ᠂ ᠠᠳᠠᠯ ᠦᠢᠯᠡᠰ ᠴᠣᠭᠴᠠᠯᠠᠭᠰᠠᠨ ᠭᠡᠷᠡᠴᠢ᠃ ᠵᠠᠰᠠᠭ ᠵᠠᠬᠢᠷᠭᠠᠨ᠂ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠲᠠᠢ | ᠠᠵᠢᠯ ᠣᠯᠭᠤᠯᠲᠠ ᠶᠢᠨ ᠭᠡᠷ᠎ᠡ ᠲᠣᠭᠲᠠᠭᠰᠠᠨ ᠪᠣᠯ᠂ ᠭᠡᠷ᠎ᠡ ᠶᠢᠨ ᠬᠠᠭᠤᠯᠪᠦᠷᠢ ᠶᠢ ᠬᠠᠩᠭᠠᠬᠤ ᠶᠢᠨ ᠬᠠᠮᠲᠤ ᠠᠯᠪᠠᠨ ᠲᠠᠮᠠᠭ᠎ᠠ ᠳᠠᠷᠤᠨ᠎ᠠ︔ ᠠᠵᠢᠯ | ᠣᠯᠭᠤᠯᠲᠠ ᠶᠢᠨ ᠭᠡᠷ᠎ᠡ ᠲᠣᠭᠲᠠᠭᠰᠠᠨ ᠦᠭᠡᠢ ᠪᠣᠯ᠂ ᠡᠷᠬᠡᠪᠰᠢ ᠬᠥᠮᠥᠨ ᠬᠡᠷᠡᠭᠯᠡᠬᠦ ᠨᠢᠭᠡᠴᠡ ᠠᠴᠠ ᠭᠠᠷᠭᠠᠭᠰᠠᠨ ᠠᠵᠢᠯ ᠤᠨ ᠭᠡᠷᠡᠴᠢ ᠶᠢ ᠬᠠᠩᠭᠠᠬᠤ ᠬᠡᠷᠡᠭᠲᠡᠢ︔ | ᠠᠳᠠᠯ ᠦᠢᠯᠡᠰ ᠴᠣᠭᠴᠠᠯᠠᠭᠰᠠᠨ ᠬᠥᠮᠥᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠭᠰᠠᠨ ᠡᠵᠡᠩᠨᠡᠯᠲᠡ ᠶᠢᠨ ᠦᠨᠡᠮᠯᠡᠯ ᠢ ᠬᠠᠩᠭᠠᠨ᠎ᠠ᠃ | | 3. ᠴᠢᠳᠠᠪᠤᠷᠢᠲᠠᠨ ᠢ ᠭᠡᠷᠡᠴᠢᠯᠡᠬᠦ ᠮᠠᠲ᠋ᠧᠷᠢᠶᠠᠯ ︵ᠨᠥᠬᠦᠴᠡᠯ ᠳᠤ ᠨᠡᠶᠢᠴᠡᠬᠦ ᠨᠢ ᠬᠠᠩᠭᠠᠨ᠎ᠠ︶᠃ ᠪᠦᠬᠦᠯᠢ ᠡᠳᠦᠷ ᠤᠨ ᠳᠦᠷᠢᠮᠲᠦ ᠡᠩ ᠤᠨ ᠶᠡᠭᠡ | ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠤᠶᠤᠲᠠᠨ᠂ ᠠᠰᠫᠢᠷᠠᠨᠲ᠂ ᠳ᠋ᠣᠺᠲ᠋ᠣᠷᠠᠨᠲ ᠰᠤᠷᠭᠠᠨ ᠬᠥᠮᠦᠵᠢᠯ ᠤᠨ ᠶᠠᠮᠤᠨ ᠤ | ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠲᠠᠩᠰᠠᠯᠠᠭᠤᠯᠤᠭᠰᠠᠨ ᠬᠦᠰᠦᠨᠦᠭᠲᠦ︔ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ︽ | ᠬᠥᠬᠡᠬᠤᠲᠠ ᠶᠢᠨ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠭᠠᠷᠴᠠᠭ ︵ᠲᠤᠷᠰᠢᠨ ᠬᠡᠷᠡᠭᠵᠢᠭᠦᠯᠬᠦ︶︾ | ᠤᠨ ᠶᠣᠰᠣᠭᠠᠷ ᠬᠠᠮᠢᠶ᠎ᠠ ᠪᠦᠬᠦᠢ ᠭᠡᠷᠡᠴᠢ ᠪᠢᠴᠢᠭ᠂ ᠦᠨᠡᠮᠯᠡᠯ᠂ ᠤᠷᠢᠯᠭ᠎ᠠ ᠶᠢᠨ ᠪᠢᠴᠢᠭ ᠵᠡᠷᠭᠡ ᠭᠡᠷᠡᠴᠢᠯᠡᠬᠦ ᠮᠠᠲ᠋ᠧᠷᠢᠶᠠᠯ ᠢ ᠬᠠᠩᠭᠠᠨ᠎ᠠ᠃ | ︵ᠬᠤᠶᠠᠷ︶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠠᠷᠭᠤᠭᠤᠯᠤᠨ ᠪᠠᠶᠢᠴᠠᠭᠠᠭᠰᠠᠨ | ᠮᠠᠲ᠋ᠧᠷᠢᠶᠠᠯ | ᠲᠦᠷᠢᠶᠡᠰᠦᠯᠡᠬᠦ ᠬᠥᠮᠥᠨ ᠵᠢᠴᠢ ᠲᠡᠭᠦᠨ ᠤ ᠭᠡᠷ ᠪᠦᠯᠢ ᠶᠢᠨ ᠪᠦᠷᠢᠯᠳᠦᠭᠦᠨ ᠤ ᠭᠡᠷ ᠬᠥᠷᠥᠩᠭᠡ ᠶᠢᠨ ᠮᠡᠳᠡᠭᠡ ᠵᠠᠩᠭᠢ ᠶᠢᠨ ᠭᠡᠷᠡᠴᠢ᠃ | ᠵᠢᠷᠭᠤᠳᠤᠭᠠᠷ ᠵᠦᠢᠯ ᠲᠦᠷᠢᠶᠡᠰᠦᠯᠡᠬᠦ ᠬᠥᠮᠥᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠲᠠᠪᠴᠠᠩ ᠤᠨ APP ᠳᠤ ᠭᠠᠷᠴᠤ ᠰᠠᠨᠠᠭᠤᠯᠤᠮᠵᠢ ᠶᠢᠨ ᠶᠣᠰᠣᠭᠠᠷ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ᠂ ᠭᠤᠶᠤᠴᠢᠯᠠᠯ ᠤᠨ | ᠮᠠᠲ᠋ᠧᠷᠢᠶᠠᠯ ᠢᠶᠠᠨ ᠬᠠᠷᠠᠭᠠᠯᠵᠠᠭᠰᠠᠨ ᠪᠢᠴᠢᠭ ᠤᠨ ᠬᠠᠪᠢᠰᠤᠨ ᠳᠤ ᠣᠷᠤᠭᠤᠯᠵᠤ᠂ ᠥᠪᠡᠷᠲᠡᠭᠡᠨ ᠰᠦᠯᠵᠢᠶᠡᠨ ᠳᠡᠭᠡᠷ᠎ᠡ ᠢᠯᠡ ᠪᠠᠷ ᠭᠡᠷ ᠰᠤᠩᠭᠤᠨ᠎ᠠ᠂ ᠰᠢᠰᠲ᠋ᠧᠮ | ᠳᠡᠭᠡᠷ᠎ᠡ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ︽ᠭᠡᠷ ᠪᠠᠶᠢᠰᠢᠩ ᠢ ᠲᠣᠬᠢᠷᠠᠭᠤᠯᠤᠨ ᠲᠦᠷᠢᠶᠡᠰᠦᠯᠡᠭᠦᠯᠬᠦ ᠮᠡᠳᠡᠭᠡ ᠵᠠᠩᠭᠢ ᠶᠢᠨ ᠬᠠᠭᠤᠳᠠᠰᠤ︾ ᠶᠢ | ᠠᠶᠠᠨᠳᠠᠭᠠᠨ ᠪᠣᠶ ᠪᠣᠯᠭᠠᠬᠤ ᠶᠢᠨ ᠬᠠᠮᠲᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯᠣᠨ ᠲᠦᠷᠢᠶᠡᠰᠦᠯᠡᠬᠦ ᠬᠥᠮᠥᠨ ᠳᠤ | ᠬᠠᠷᠢᠭᠤ ᠥᠭᠭᠦᠨ᠎ᠡ᠃ ᠲᠦᠷᠢᠶᠡᠰᠦᠯᠡᠬᠦ ᠬᠥᠮᠥᠨ 3 ᠠᠵᠢᠯ ᠤᠨ ᠡᠳᠦᠷ ᠤᠨ ᠳᠣᠲᠣᠷ᠎ᠠ ᠰᠦᠯᠵᠢᠶᠡᠨ ᠳᠡᠭᠡᠷ᠎ᠡ ︽ᠭᠡᠷ ᠪᠠᠶᠢᠰᠢᠩ ᠲᠦᠷᠢᠶᠡᠰᠦᠯᠡᠬᠦ ᠭᠡᠷ᠎ᠡ︾ | ᠲᠣᠭᠲᠠᠨ᠂ ᠲᠦᠷᠢᠶᠡᠰᠦᠨ ᠮᠥᠩᠭᠦ ᠪᠠᠨ ᠲᠤᠰᠢᠶᠠᠵᠤ᠂ ᠭᠡᠷ ᠪᠠᠶᠢᠰᠢᠩ ᠤᠨ ᠪᠠᠶᠢᠭ᠎ᠠ ᠬᠤᠷᠢᠶᠠᠯᠠᠯ ᠤᠨ ᠠᠳᠠᠯ ᠠᠬᠤᠢ ︵ᠪᠤᠶᠤ ᠭᠡᠷ ᠪᠠᠶᠢᠰᠢᠩ ᠤᠨ | ᠬᠠᠮᠢᠶᠠᠷᠤᠭᠴᠢ︶ ᠶᠢᠨ ᠭᠠᠵᠠᠷ ᠲᠤ ᠬᠦᠷᠴᠦ ᠣᠷᠣᠵᠤ ᠰᠠᠭᠤᠬᠤ ᠭᠠᠷᠳᠠᠮ ᠢᠶᠠᠨ ᠭᠦᠢᠴᠡᠳᠬᠡᠨ᠎ᠡ᠃ | ᠨᠢᠭᠡᠴᠡ ︵ᠠᠵᠤ ᠠᠬᠤᠶᠢᠯᠠᠯ︶ ᠶᠢᠨ ᠲᠦᠷᠢᠶᠡᠰᠦᠯᠡᠬᠦ ᠬᠥᠮᠥᠨ ᠤ ᠲᠤᠭ᠎ᠠ ᠨᠡᠯᠢᠶᠡᠳ ᠤᠯᠠᠨ ᠪᠣᠯ᠂ ᠨᠢᠭᠡᠴᠡ ︵ᠠᠵᠤ ᠠᠬᠤᠶᠢᠯᠠᠯ︶ ᠠᠴᠠ | ᠨᠢᠭᠡᠳᠦᠯᠲᠡᠢ ᠭᠤᠶᠤᠴᠢᠯᠠᠨ ᠭᠦᠢᠴᠡᠳᠬᠡᠵᠦ ᠪᠣᠯᠣᠨ᠎ᠠ᠃ | ᠳᠣᠯᠣᠳᠤᠭᠠᠷ ᠵᠦᠢᠯ ᠲᠦᠷᠢᠶᠡᠰᠦᠯᠡᠬᠦ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠤᠶᠤ ᠰᠠᠶᠢᠨ ᠳᠤᠷ᠎ᠠ ᠠᠴᠠ ᠪᠠᠨ | ᠭᠡᠷ ᠪᠠᠶᠢᠰᠢᠩ ᠲᠦᠷᠢᠶᠡᠰᠦᠯᠡᠵᠦ ᠰᠠᠭᠤᠬᠤ ᠪᠠᠨ ᠪᠣᠯᠢᠭᠰᠠᠨ ᠪᠠᠶᠢᠪᠠᠯ᠂ ᠲᠦᠷᠢᠶᠡᠰᠦᠯᠡᠬᠦ ᠬᠥᠮᠥᠨ ᠨᠢ ᠭᠡᠷ ᠪᠠᠶᠢᠰᠢᠩ ᠤᠨ ᠪᠠᠶᠢᠭ᠎ᠠ ᠬᠤᠷᠢᠶᠠᠯᠠᠯ ᠤᠨ ᠠᠳᠠᠯ | ᠠᠬᠤᠢ ᠶᠢᠨ ᠰᠠᠯᠠᠭ᠎ᠠ ᠮᠥᠴᠢᠷ ︵ᠪᠤᠶᠤ ᠭᠡᠷ ᠪᠠᠶᠢᠰᠢᠩ ᠤᠨ ᠬᠠᠮᠢᠶᠠᠷᠤᠭᠴᠢ︶ ᠳᠤ ᠭᠡᠷ ᠢᠶᠠᠨ ᠪᠤᠴᠠᠭᠠᠬᠤ ᠭᠤᠶᠤᠴᠢᠯᠠᠯ ᠢᠶᠠᠨ ᠴᠠᠭ ᠲᠤᠬᠠᠢ ᠳᠤᠨᠢ ᠳᠤᠷᠠᠳᠴᠤ᠂ | ᠠᠵᠢᠯᠲᠠᠨ ᠭᠡᠷ ᠪᠠᠶᠢᠰᠢᠩ ᠢ ᠪᠠᠶᠢᠴᠠᠭᠠᠨ ᠰᠢᠯᠭᠠᠵᠤ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ | ᠭᠦᠢᠴᠡᠳᠬᠡᠭᠰᠡᠨ ᠤ ᠲᠠᠷᠠᠭ᠎ᠠ ᠳᠠᠷᠤᠢ ᠭᠡᠷ ᠢᠶᠠᠨ ᠪᠤᠴᠠᠭᠠᠵᠤ ᠪᠣᠯᠣᠨ᠎ᠠ᠃ ᠲᠦᠷᠢᠶᠡᠰᠦᠯᠡᠬᠦ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ | ᠪᠣᠯᠤᠭᠰᠠᠨ ᠪᠣᠯᠪᠠᠴᠤ 1 ᠰᠠᠷ᠎ᠠ ᠶᠢᠨ ᠳᠣᠲᠣᠷ᠎ᠠ ᠭᠡᠷ ᠢᠶᠠᠨ ᠪᠤᠴᠠᠭᠠᠬᠤ ᠭᠤᠶᠤᠴᠢᠯᠠᠯ ᠭᠠᠷᠭᠠᠭᠰᠠᠨ ᠦᠭᠡᠢ ᠪᠠᠶᠢᠪᠠᠯ᠂ ᠬᠤᠭᠤᠴᠠᠭ᠎ᠠ ᠠᠴᠠ ᠬᠡᠲᠦᠷᠡᠭᠰᠡᠨ ᠤ | ᠳᠠᠷᠠᠭᠠᠬᠢ ᠭᠡᠷ ᠤᠨ ᠲᠦᠷᠢᠶᠡᠰᠦ ᠶᠢ ᠵᠠᠬ᠎ᠠ ᠳᠡᠯᠭᠡᠭᠦᠷ ᠤᠨ ᠵᠢᠯᠤᠭᠤᠳᠬᠤ ᠦᠨ᠎ᠡ ᠪᠠᠷ ᠪᠦᠬᠦ ᠲᠤᠭ᠎ᠠ ᠪᠠᠷ ᠨᠢ ᠬᠤᠷᠢᠶᠠᠨ᠎ᠠ︔ ᠰᠠᠶᠢᠨ ᠳᠤᠷ᠎ᠠ ᠠᠴᠠ ᠪᠠᠨ ᠭᠡᠷ | ᠪᠠᠶᠢᠰᠢᠩ ᠲᠦᠷᠢᠶᠡᠰᠦᠯᠡᠵᠦ ᠰᠠᠭᠤᠬᠤ ᠪᠠᠨ ᠪᠣᠯᠢᠭᠰᠠᠨ ᠪᠠᠶᠢᠪᠠᠯ᠂ ᠭᠡᠷ ᠢᠶᠠᠨ ᠪᠤᠴᠠᠭᠠᠭᠰᠠᠨ ᠤ ᠳᠠᠷᠠᠭᠠᠬᠢ ᠤᠷᠢᠳᠴᠢᠯᠠᠨ ᠲᠤᠰᠢᠶᠠᠭᠰᠠᠨ ᠭᠡᠷ ᠤᠨ ᠲᠦᠷᠢᠶᠡᠰᠦ᠂ | ᠪᠡᠷᠢᠴᠠᠭᠠᠨ ᠤ ᠮᠥᠩᠭᠦ ᠶᠢ ᠬᠠᠮᠲᠤ ᠳᠤᠨᠢ ᠪᠤᠴᠠᠭᠠᠨ᠎ᠠ᠃ | ᠪᠠᠲᠤᠯᠠᠭ᠎ᠠ ᠶᠢᠨ ᠡᠲᠡᠭᠡᠳ ᠲᠤ ᠨᠡᠶᠢᠴᠡᠬᠦ ᠲᠦᠷᠢᠶᠡᠰᠦᠯᠡᠬᠦ ᠬᠥᠮᠥᠨ ︵ᠭᠡᠷ ᠪᠦᠯᠢ ᠶᠢᠨ ᠪᠦᠷᠢᠯᠳᠦᠭᠦᠨ ᠢ ᠪᠠᠭᠲᠠᠭᠠᠨ᠎ᠠ︶ ᠨᠢ ᠵᠥᠪᠬᠡᠨ ᠨᠢᠭᠡ ᠣᠷᠣᠨ | ᠰᠠᠭᠤᠴᠠ ᠲᠦᠷᠢᠶᠡᠰᠦᠯᠡᠨ ᠰᠠᠭᠤᠬᠤ ᠪᠠᠷ ᠭᠤᠶᠤᠴᠢᠯᠠᠵᠤ ᠪᠣᠯᠣᠨ᠎ᠠ᠂ ᠣᠷᠣᠨ ᠰᠠᠭᠤᠴᠠ ᠶᠢᠨ ᠬᠠᠶ᠋ᠢᠭ ᠢᠶᠠᠨ ᠬᠤᠪᠢᠷᠠᠭᠤᠯᠬᠤ ᠴᠢᠬᠤᠯᠠᠲᠠᠢ ᠪᠣᠯ᠂ | ᠲᠦᠷᠢᠶᠡᠰᠦᠯᠡᠬᠦ ᠬᠥᠮᠥᠨ ᠨᠢᠭᠡᠨᠲᠡ ᠲᠦᠷᠢᠶᠡᠰᠦᠯᠡᠨ ᠰᠠᠭᠤᠭᠰᠠᠨ ᠭᠡᠷ ᠪᠠᠶᠢᠰᠢᠩ ᠢᠶᠠᠨ ᠪᠤᠴᠠᠭᠠᠬᠤ ᠭᠠᠷ ᠭᠦᠢᠴᠡᠳᠬᠡᠯ ᠢ ᠤᠷᠢᠳ ᠢᠶᠠᠷ ᠬᠢᠵᠦ᠂ ᠲᠠᠷᠠᠭ᠎ᠠ ᠨᠢ | ᠲᠠᠬᠢᠨ ᠭᠤᠶᠤᠴᠢᠯᠠᠵᠤ ᠪᠣᠯᠣᠨ᠎ᠠ᠃ ᠲᠦᠷᠢᠶᠡᠰᠦᠯᠡᠭᠰᠡᠨ ᠬᠥᠮᠥᠨ ᠭᠤᠶᠤᠴᠢᠯᠠᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠠᠭᠠᠨ | ᠲᠣᠭᠲᠠᠭᠰᠠᠨ ᠴᠠᠭ ᠲᠠᠭᠠᠨ ᠣᠷᠣᠵᠤ ᠰᠠᠭᠤᠬᠤ ᠭᠠᠷᠳᠠᠮ ᠭᠦᠢᠴᠡᠳᠬᠡᠭᠰᠡᠨ ᠦᠭᠡᠢ ᠪᠣᠯ ᠲᠦᠷᠢᠶᠡᠰᠦᠯᠡᠬᠦ ᠪᠠᠨ ᠪᠣᠯᠢᠭᠰᠠᠨ ᠢᠶᠠᠷ ᠦᠵᠡᠨ᠎ᠡ᠂ ᠣᠨᠴᠠᠭᠠᠢ | ᠰᠢᠯᠲᠠᠭᠠᠨ ᠦᠭᠡᠢ ᠪᠣᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠠᠬᠢᠨᠳᠠ ᠭᠤᠶᠤᠴᠢᠯᠠᠬᠤ ᠶᠢ ᠵᠥᠪᠰᠢᠶᠡᠷᠡᠬᠦ ᠦᠭᠡᠢ᠃ | ᠲᠦᠷᠢᠶᠡᠰᠦᠯᠡᠭᠰᠡᠨ ᠬᠥᠮᠥᠨ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠲᠦᠷᠢᠶᠡᠰᠦᠯᠡᠬᠦ ᠭᠡᠷ᠎ᠡ ᠶᠢ ᠬᠦᠴᠦᠨ | ᠦᠭᠡᠢ ᠪᠣᠯᠭᠠᠵᠤ᠂ ᠭᠡᠷ ᠪᠠᠶᠢᠰᠢᠩ ᠢ ᠨᠢ ᠬᠤᠷᠢᠶᠠᠨ ᠠᠪᠴᠤ᠂ ᠲᠡᠭᠦᠨ ᠤ ᠦᠢᠯᠡ ᠠᠵᠢᠯᠯᠠᠭ᠎ᠠ ᠶᠢ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ | ᠣᠷᠣᠭᠤᠯᠤᠨ᠎ᠠ᠃ | ︵ᠨᠢᠭᠡ︶ ᠬᠤᠳᠠᠯ ᠬᠠᠭᠤᠷᠮᠠᠭ ᠭᠡᠷᠡᠴᠢᠯᠡᠬᠦ ᠮᠠᠲ᠋ᠧᠷᠢᠶᠠᠯ ᠭᠠᠷᠭᠠᠬᠤ ᠵᠡᠷᠭᠡ ᠮᠡᠬᠡᠯᠡᠬᠦ ᠠᠷᠭ᠎ᠠ ᠮᠠᠶ᠋ᠢᠭ ᠢᠶᠠᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ | ᠣᠷᠣᠨ ᠰᠠᠭᠤᠴᠠ ᠶᠢᠨ ᠬᠢᠷᠢ ᠬᠡᠮ ᠣᠯᠣᠭᠰᠠᠨ︔ | ︵ᠬᠤᠶᠠᠷ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠠᠳᠠᠭᠰᠢ ᠵᠢᠭᠡᠯᠡᠭᠦᠯᠦᠭᠰᠡᠨ᠂ ᠰᠢᠯᠵᠢᠭᠦᠯᠦᠨ ᠲᠦᠷᠢᠶᠡᠰᠦᠯᠡᠭᠰᠡᠨ︔ | ︵ᠭᠤᠷᠪᠠ︶ ᠲᠦᠷᠢᠶᠡᠰᠦᠯᠡᠭᠰᠡᠨ ᠬᠥᠮᠥᠨ ᠨᠢ ᠪᠠᠲᠤᠯᠠᠬᠤ ᠡᠲᠡᠭᠡᠳ ᠲᠤ ᠨᠢᠭᠡᠨᠲᠡ ᠨᠡᠶᠢᠴᠡᠬᠦ ᠦᠭᠡᠢ ᠪᠣᠯᠤᠭᠰᠠᠨ ᠪᠥᠭᠡᠳ 1 ᠰᠠᠷ᠎ᠠ ᠶᠢᠨ ᠳᠣᠲᠣᠷ᠎ᠠ | ᠭᠡᠷ ᠢᠶᠠᠨ ᠪᠤᠴᠠᠭᠠᠬᠤ ᠭᠤᠶᠤᠴᠢᠯᠠᠯ ᠭᠠᠷᠭᠠᠭᠰᠠᠨ ᠦᠭᠡᠢ︔ | ︵ᠳᠥᠷᠪᠡ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠴᠡ ᠪᠤᠶᠤ ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠵᠤ᠂ | ᠭᠡᠷ ᠪᠠᠶᠢᠰᠢᠩ ᠤᠨ ᠠᠶᠤᠯᠭᠦᠢ ᠶᠢ ᠬᠦᠨᠳᠦ ᠨᠣᠴᠢᠲᠠᠢ ᠨᠥᠯᠥᠭᠡᠯᠡᠭᠰᠡᠨ︔ | ︵ᠲᠠᠪᠤ︶ ᠲᠦᠷᠢᠶᠡᠰᠦᠯᠡᠭᠰᠡᠨ ᠬᠥᠮᠥᠨ ᠰᠢᠯᠵᠢᠭᠦᠯᠦᠨ ᠲᠦᠷᠢᠶᠡᠰᠦᠯᠡᠭᠰᠡᠨ ᠪᠤᠶᠤ ᠭᠡᠷ ᠪᠠᠶᠢᠰᠢᠩ ᠳᠤ ᠲᠣᠭᠲᠠᠭᠠᠯ ᠢ ᠵᠥᠷᠢᠴᠡᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠰᠡᠨ︔ | ︵ᠵᠢᠷᠭᠤᠭ᠎ᠠ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠬᠠᠤᠯᠢ ᠶᠢ ᠵᠥᠷᠢᠴᠡᠭᠰᠡᠨ ᠠᠵᠢᠯᠯᠠᠭ᠎ᠠ ᠬᠢᠭᠰᠡᠨ︔ | ︵ᠲᠤᠯᠤᠭ᠎ᠠ︶ ᠲᠦᠷᠢᠶᠡᠰᠦᠯᠡᠬᠦ ᠭᠡᠷ᠎ᠡ ᠳᠤ ᠪᠣᠯᠵᠣᠨ ᠲᠣᠭᠲᠠᠭᠰᠠᠨ ᠢ ᠵᠥᠷᠢᠴᠡᠭᠰᠡᠨ ᠪᠤᠰᠤᠳ ᠪᠠᠶᠢᠳᠠᠯ ᠤᠳ᠃ | ᠨᠠᠢᠮᠠᠳᠤᠭᠠᠷ ᠵᠦᠢᠯ ᠬᠠᠷᠢᠶ᠎ᠠ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠣᠷᠳᠣ ᠬᠤᠭᠤᠴᠠᠭᠠᠨ ᠤ | ᠪᠦᠲᠦᠮᠵᠢᠲᠡᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠭᠤᠶᠤᠴᠢᠯᠠᠬᠤ᠂ ᠬᠢᠨᠠᠨ | ᠬᠠᠷᠭᠤᠭᠤᠯᠬᠤ᠂ ᠬᠡᠷᠡᠭᠯᠡᠬᠦ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠬᠢᠨᠠᠨ ᠪᠠᠶᠢᠴᠠᠭᠠᠨ᠎ᠠ᠃ ᠡᠭᠦᠷᠭᠡ ᠲᠤᠰᠢᠶᠠᠯᠲᠤ ᠰᠠᠯᠠᠭ᠎ᠠ ᠮᠥᠴᠢᠷ ᠤᠨ ᠠᠵᠢᠯᠲᠠᠨ | ᠠᠵᠢᠯ ᠳᠠᠭᠠᠨ ᠴᠠᠯᠠᠭᠠᠶᠢᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠲᠠᠯ᠎ᠠ ᠪᠠᠷ ᠬᠠᠤᠯᠢ ᠶᠣᠰᠣ ᠶᠢ ᠵᠥᠷᠢᠴᠡᠭᠰᠡᠨ᠂ | ᠬᠡᠭᠡᠯᠢ ᠠᠪᠴᠤ ᠬᠠᠭ᠋ᠤᠤᠯᠢ ᠢᠳᠡᠭᠰᠡᠨ ᠪᠠᠶᠢᠳᠠᠯ ᠭᠠᠷᠪᠠᠯ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠴᠢᠩᠭ᠎ᠠ ᠰᠢᠢᠳᠪᠦᠷᠢᠯᠡᠵᠦ᠂ ᠶᠠᠯ᠎ᠠ ᠪᠣᠯᠣᠭᠰᠠᠨ | ᠪᠠᠶᠢᠪᠠᠯ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠨ᠎ᠡ᠃ | |