ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/1/10
         ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2022﹈ 55 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ︽ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃        ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ        2022 ᠣᠨ ᠤ 8 ᠳ᠋ᠤᠭᠠᠷ ᠰᠠᠷ᠎ᠠ ᠶᠢᠨ 31 ᠤ ᠡᠳᠦᠷ          ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ          ᠲᠥᠷᠥᠯ ᠵᠦᠢᠯ ᠢ ᠨᠤᠲᠠᠯᠠᠬᠤ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 22 ᠳ᠋ᠤᠭᠠᠷ ᠲᠣᠭᠠᠲᠤ︶ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠨ ᠬᠥᠭᠵᠢᠭᠦᠯᠬᠦ ᠬᠤᠯᠪᠣᠭᠳᠠᠯ ᠪᠦᠬᠦᠢ ᠤᠴᠢᠷ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 53 ᠳ᠋ᠤᠭᠠᠷ ᠲᠣᠭᠠᠲᠤ︶ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠨ ᠬᠥᠭᠵᠢᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠬᠡᠷᠡᠭᠵᠢᠭᠦᠯᠬᠦ ᠰᠠᠨᠠᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2021﹈ 26 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠳᠣᠣᠷᠠᠬᠢ ᠠᠷᠭ᠎ᠠ ᠵᠠᠮ ᠢᠶᠠᠷ ᠪᠡᠯᠡᠳᠬᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠳᠤ ᠲᠣᠰ ᠠᠷᠭ᠎ᠠ ᠶᠢ ᠬᠡᠷᠡᠭᠯᠡᠨ᠎ᠡ᠃      ︵ᠨᠢᠭᠡ︶ ᠵᠠᠬ᠎ᠠ ᠳᠡᠯᠭᠡᠭᠦᠷ ᠠᠴᠠ ᠲᠦᠷᠢᠶᠡᠰᠦᠯᠡᠨ ᠪᠡᠯᠡᠳᠬᠡᠭᠰᠡᠨ︔      ︵ᠬᠤᠶᠠᠷ︶ ᠣᠷᠣᠨ ᠰᠠᠭᠤᠴᠠ ᠶᠢᠨ ᠪᠤᠰᠤ ᠲᠥᠷᠥᠯ ᠵᠦᠢᠯ ᠳᠤ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ︵ᠥᠭᠡᠷᠡᠴᠢᠯᠡᠭᠰᠡᠨ︶︔      ︵ᠭᠤᠷᠪᠠ︶ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ︵ᠥᠭᠡᠷᠡᠴᠢᠯᠡᠭᠰᠡᠨ︶︔      ︵ᠳᠥᠷᠪᠡ︶ ᠲᠠᠷᠠᠬᠠᠢ ᠪᠤᠲᠠᠷᠬᠠᠢ ᠪᠠ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠰᠢᠨ᠎ᠡ ᠪᠠᠷ ᠪᠠᠶᠢᠭᠤᠯᠤᠭᠰᠠᠨ︔      ︵ᠲᠠᠪᠤ︶ ᠬᠤᠳᠠᠯᠳᠤᠬᠤ ᠳᠤ ᠬᠡᠷᠡᠭᠯᠡᠬᠦ ᠭᠠᠵᠠᠷ ᠲᠣᠬᠢᠷᠠᠭᠤᠯᠤᠨ ᠪᠠᠶᠢᠭᠤᠯᠤᠭᠰᠠᠨ︔      ︵ᠵᠢᠷᠭᠤᠭ᠎ᠠ︶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠭᠰᠠᠨ ᠢ ᠠᠮᠤᠭᠤᠯᠠᠩ ᠣᠷᠣᠨ ᠰᠠᠭᠤᠴᠠ ᠶᠢᠨ ᠲᠥᠷᠥᠯ ᠵᠦᠢᠯ ᠢᠶᠠᠷ ᠲᠣᠬᠢᠷᠠᠭᠤᠯᠤᠭᠰᠠᠨ᠃      ᠭᠤᠷᠪᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ ᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠠ ᠨᠢᠭᠡᠨᠲᠡ ᠪᠠᠶᠢᠭ᠎ᠠ ᠲᠦᠷᠦᠯ ᠵᠦᠢᠯ ᠭᠡᠵᠦ ᠬᠤᠪᠢᠶᠠᠨ᠎ᠠ᠃      ︵ᠨᠢᠭᠡ︶ ᠰᠢᠨ᠎ᠡ ᠪᠠᠷ ᠪᠠᠶᠢᠭᠤᠯᠬᠤ ᠲᠥᠷᠥᠯ ᠵᠦᠢᠯ ᠭᠡᠳᠡᠭ ᠨᠢ ᠪᠦᠲᠦᠭᠡᠨ ᠪᠠᠶᠢᠭᠤᠯᠤᠨ ᠡᠵᠡᠩᠨᠡᠬᠦ ᠭᠤᠣᠯ ᠴᠣᠭᠴᠠ ᠠᠴᠠ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ ᠪᠤᠶᠤ ᠶᠠᠭ ᠪᠦᠲᠦᠭᠡᠨ ᠪᠠᠶᠢᠭᠤᠯᠵᠤ ᠬᠠᠷᠠᠬᠠᠨ ᠳᠡᠭᠡᠪᠦᠷᠯᠡᠭᠡ ᠦᠭᠡᠢ ᠲᠥᠷᠥᠯ ᠵᠦᠢᠯ ᠢ ᠵᠢᠭᠠᠵᠤ ᠪᠤᠢ᠃      ︵ᠬᠤᠶᠠᠷ︶ ᠨᠢᠭᠡᠨᠲᠡ ᠪᠠᠶᠢᠭ᠎ᠠ ᠲᠥᠷᠥᠯ ᠵᠦᠢᠯ ᠭᠡᠳᠡᠭ ᠨᠢ ᠪᠦᠲᠦᠭᠡᠨ ᠪᠠᠶᠢᠭᠤᠯᠤᠨ ᠡᠵᠡᠩᠨᠡᠬᠦ ᠭᠤᠣᠯ ᠴᠣᠭᠴᠠ ᠠᠴᠠ ᠨᠢᠭᠡᠨᠲᠡ ᠡᠵᠡᠩᠨᠡᠭᠰᠡᠨ ᠪᠤᠶᠤ ᠵᠠᠰᠠᠵᠤ ᠴᠢᠮᠡᠭᠰᠡᠨ ᠤ ᠳᠠᠷᠠᠭ᠎ᠠ ᠳᠠᠷᠤᠢ ᠡᠵᠡᠩᠨᠡᠵᠦ ᠪᠣᠯᠬᠤ ᠪᠤᠶᠤ ᠥᠭᠡᠷᠡᠴᠢᠯᠡᠨ ᠪᠠᠶᠢᠭᠤᠯᠬᠤ ︵ᠥᠭᠡᠷᠡᠴᠢᠯᠡᠬᠦ︶ ᠪᠠᠷ ᠳᠡᠮᠵᠢᠨ ᠵᠠᠰᠠᠵᠤ ᠴᠢᠮᠡᠭᠰᠡᠨ ᠤ ᠳᠠᠷᠠᠭ᠎ᠠ ᠳᠠᠷᠤᠢ ᠡᠵᠡᠩᠨᠡᠵᠦ ᠪᠣᠯᠬᠤ ᠲᠥᠷᠥᠯ ᠵᠦᠢᠯ ᠢ ᠵᠢᠭᠠᠵᠤ ᠪᠣᠶ᠃       ᠳᠥᠷᠪᠡᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠳᠤ ᠪᠦᠬᠦ ᠬᠤᠲᠠ ᠠᠴᠠ ᠨᠢᠭᠡᠳᠦᠯᠲᠡᠢ ᠲᠥᠯᠥᠪᠯᠡᠵᠦ᠂ ᠬᠠᠷᠢᠶ᠎ᠠ ᠭᠠᠵᠠᠷ ᠠᠴᠠ ᠬᠠᠷᠢᠭᠤᠴᠠᠬᠤ ᠵᠠᠷᠴᠢᠮ ᠢ ᠵᠢᠷᠤᠮᠯᠠᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠲᠦᠷᠦᠭᠦᠯᠡᠬᠦ ᠰᠠᠯᠠᠭ᠎ᠠ ᠮᠥᠴᠢᠷ ᠪᠠᠶᠢᠵᠤ᠂ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ︽ᠬᠤᠲᠠ ᠶᠢᠨ ᠤᠳᠤᠷᠢᠳᠬᠤ ᠳᠤᠭᠤᠶᠢᠯᠠᠩ︾ ᠭᠡᠵᠦ ᠲᠣᠪᠴᠢᠯᠠᠨ᠎ᠠ︶ ᠤᠨ ᠠᠯᠪᠠᠨ ᠭᠡᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠲᠥᠷᠥᠯ ᠵᠦᠢᠯ ᠢ ᠳᠠᠩᠰᠠᠯᠠᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ ᠬᠠᠷᠢᠶ᠎ᠠ ᠭᠠᠵᠠᠷ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠬᠠᠷᠢᠭᠤᠴᠠᠯᠭᠠᠲᠤ ᠰᠠᠯᠠᠭ᠎ᠠ ᠮᠥᠴᠢᠷ ᠪᠠᠶᠢᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠮᠠᠲ᠋ᠧᠷᠢᠶᠠᠯ ᠢ ᠴᠤᠭᠯᠠᠭᠤᠯᠬᠤ ᠪᠠ ᠬᠢᠨᠠᠨ ᠪᠠᠶᠢᠴᠠᠭᠠᠬᠤ᠂ ᠲᠥᠷᠥᠯ ᠵᠦᠢᠯ ᠢ ᠮᠥᠷᠳᠡᠨ ᠪᠠᠶᠢᠴᠠᠭᠠᠬᠤ᠂ ᠲᠥᠯᠥᠪᠯᠡᠭᠡ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ᠂ ᠭᠠᠶᠢᠯᠢ ᠶᠢᠨ ᠶᠠᠪᠤᠳᠠᠯ ᠵᠡᠷᠭᠡ ᠤᠳᠤᠷᠢᠳᠬᠤ ᠳᠤᠭᠤᠶᠢᠯᠠᠩ ᠤᠨ ᠭᠡᠰᠢᠭᠦᠨ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃      ᠬᠤᠶᠠᠳᠤᠭᠠᠷ ᠪᠦᠯᠦᠭ ᠨᠤᠲᠠᠯᠠᠬᠤ ᠨᠥᠬᠦᠴᠡᠯ      ᠲᠠᠪᠤᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠳᠤ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃      ︵ᠨᠢᠭᠡ︶ ᠪᠦᠲᠦᠭᠡᠨ ᠪᠠᠶᠢᠭᠤᠯᠤᠯᠲᠠ ᠶᠢᠨ ᠲᠥᠷᠥᠯ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠣᠷᠣᠨ ᠰᠠᠭᠤᠴᠠ ᠶᠢᠨ ᠲᠥᠷᠥᠯ ᠤᠨ ᠲᠦᠷᠢᠶᠡᠰᠦᠨ ᠣᠷᠣᠨ ᠰᠠᠭᠤᠴᠠ ᠪᠠ ᠪᠠᠶᠢᠷᠢ ᠶᠢᠨ ᠲᠥᠷᠥᠯ ᠤᠨ ᠲᠦᠷᠢᠶᠡᠰᠦᠨ ᠣᠷᠣᠨ ᠰᠠᠭᠤᠴᠠ ᠭᠡᠵᠦ ᠬᠤᠪᠢᠶᠠᠨ᠎ᠠ᠃      ︵ᠬᠤᠶᠠᠷ︶ ᠲᠠᠯᠠᠪᠠᠢ ᠶᠢᠨ ᠪᠠᠷᠢᠮᠵᠢᠶ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠪᠠᠭ᠎ᠠ ᠲᠠᠯᠠᠪᠠᠢ ᠲᠠᠢ ᠭᠡᠷ ᠪᠠᠶᠢᠰᠢᠩ ᠢᠶᠠᠷ ᠭᠤᠣᠯ ᠪᠣᠯᠭᠠᠵᠤ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠥᠷᠥᠯ ᠤᠨ ᠲᠦᠷᠢᠶᠡᠰᠦᠨ ᠣᠷᠣᠨ ᠰᠠᠭᠤᠴᠠ ᠶᠢᠨ ᠲᠠᠯᠠᠪᠠᠶ ᠨᠢ 70 ᠲᠡᠭᠰᠢ ᠳᠥᠷᠪᠡᠯᠵᠢᠨ ᠮᠧᠲᠷ ᠠᠴᠠ ᠳᠣᠷᠣᠭᠰᠢᠬᠢ ᠬᠠᠷᠢᠴᠠᠯ ᠢ 80% ᠠᠴᠠ ᠳᠣᠣᠷ᠎ᠠ ᠪᠠᠶᠢᠯᠭᠠᠬᠤ ᠦᠭᠡᠢ︔ ᠪᠠᠶᠢᠷᠢ ᠶᠢᠨ ᠲᠥᠷᠥᠯ ᠤᠨ ᠲᠦᠷᠢᠶᠡᠰᠦᠨ ᠣᠷᠣᠨ ᠰᠠᠭᠤᠴᠠ ᠶᠢᠨ ᠲᠠᠯᠠᠪᠠᠶ ᠶᠢ 30 ︱ 50 ᠲᠡᠭᠰᠢ ᠳᠥᠷᠪᠡᠯᠵᠢᠨ ᠮᠧᠲᠷ ᠣᠷᠴᠢᠮ ᠪᠠᠶᠢᠯᠭᠠᠨ᠎ᠠ︔ ᠨᠢᠭᠡᠨᠲᠡ ᠪᠠᠶᠢᠭ᠎ᠠ ᠲᠥᠷᠥᠯ ᠵᠦᠢᠯ ᠤᠨ ᠲᠦᠷᠢᠶᠡᠰᠦᠨ ᠣᠷᠣᠨ ᠰᠠᠭᠤᠴᠠ ᠶᠢᠨ ᠲᠠᠯᠠᠪᠠᠶ ᠶᠢᠨ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠣᠯᠣᠨ᠎ᠠ᠃      ︵ᠭᠤᠷᠪᠠ︶ ᠡᠵᠡᠩᠨᠡᠯᠲᠡ ᠶᠢᠨ ᠬᠤᠭᠤᠴᠠᠭ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠡᠵᠡᠩᠨᠡᠯᠲᠡ ᠶᠢᠨ ᠬᠤᠭᠤᠴᠠᠭ᠎ᠠ ᠶᠢ ᠵᠥᠪᠰᠢᠶᠡᠷᠡᠭᠦᠯᠦᠭᠰᠡᠨ ᠭᠠᠵᠠᠷ ᠰᠢᠷᠣᠢ ᠬᠡᠷᠡᠭᠯᠡᠬᠦ ᠵᠢᠯ ᠬᠤᠭᠤᠴᠠᠭ᠎ᠠ ᠠᠴᠠ ᠬᠡᠲᠦᠷᠡᠭᠦᠯᠵᠦ ᠪᠣᠯᠬᠤ ᠦᠭᠡᠢ᠂ ᠡᠭᠦᠨ ᠳᠤ᠂ ᠵᠠᠬ᠎ᠠ ᠳᠡᠯᠭᠡᠭᠦᠷ ᠠᠴᠠ ᠲᠦᠷᠢᠶᠡᠰᠦᠯᠡᠵᠦ ᠪᠡᠯᠡᠳᠬᠡᠭᠰᠡᠨ ᠭᠡᠷ ᠪᠠᠶᠢᠰᠢᠩ ᠤᠨ ᠡᠵᠡᠩᠨᠡᠯᠲᠡ ᠶᠢᠨ ᠬᠤᠭᠤᠴᠠᠭ᠎ᠠ ᠶᠢ ᠭᠡᠷ ᠪᠠᠶᠢᠰᠢᠩ ᠲᠦᠷᠢᠶᠡᠰᠦᠯᠡᠬᠦ ᠭᠡᠷ᠎ᠡ ᠳᠤ ᠲᠣᠭᠲᠠᠭᠰᠠᠨ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ ︵ᠵᠠᠷᠴᠢᠮ ᠳᠡᠭᠡᠷ᠎ᠡ ᠪᠠᠨ 5 ᠵᠢᠯ ᠠᠴᠠ ᠳᠣᠣᠷ᠎ᠠ ᠪᠠᠶᠢᠯᠭᠠᠬᠤ ᠦᠭᠡᠢ︶︔ ᠥᠭᠡᠷᠡᠴᠢᠯᠡᠨ ᠪᠠᠶᠢᠭᠤᠯᠵᠤ ︵ᠥᠭᠡᠷᠡᠴᠢᠯᠡᠵᠦ︶  ᠪᠡᠯᠡᠳᠬᠡᠭᠰᠡᠨ ᠭᠡᠷ ᠪᠠᠶᠢᠰᠢᠩ ᠤᠨ ᠡᠵᠡᠩᠨᠡᠯᠲᠡ ᠶᠢᠨ ᠬᠤᠭᠤᠴᠠᠭ᠎ᠠ ᠶᠢ 5 ᠵᠢᠯ ᠠᠴᠠ ᠳᠣᠣᠷ᠎ᠠ ᠪᠠᠶᠢᠯᠭᠠᠬᠤ ᠦᠭᠡᠢ︔ ᠰᠢᠨ᠎ᠡ ᠪᠠᠷ ᠪᠠᠶᠢᠭᠤᠯᠬᠤ ᠭᠡᠷ ᠪᠠᠶᠢᠰᠢᠩ ᠤᠨ ᠡᠵᠡᠩᠨᠡᠯᠲᠡ ᠶᠢᠨ ᠬᠤᠭᠤᠴᠠᠭ᠎ᠠ ᠶᠢ 10 ᠵᠢᠯ ᠠᠴᠠ ᠳᠣᠣᠷ᠎ᠠ ᠪᠠᠶᠢᠯᠭᠠᠬᠤ ᠦᠭᠡᠢ︔ ᠬᠤᠳᠠᠯᠳᠤᠬᠤ ᠳᠤ ᠬᠡᠷᠡᠭᠯᠡᠬᠦ ᠭᠠᠵᠠᠷ ᠲᠤ ᠲᠣᠬᠢᠷᠠᠭᠤᠯᠤᠨ ᠪᠠᠷᠢᠵᠤ ᠪᠡᠯᠡᠳᠬᠡᠭᠰᠡᠨ ᠭᠡᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠠᠴᠠ ᠭᠠᠷᠭᠠᠵᠤ ᠪᠣᠯᠬᠤ ᠦᠭᠡᠢ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠭᠰᠠᠨ ᠢ ᠠᠮᠤᠭᠤᠯᠠᠩ ᠣᠷᠣᠨ ᠰᠠᠭᠤᠴᠠ ᠶᠢᠨ ᠲᠥᠷᠥᠯ ᠵᠦᠢᠯ ᠢᠶᠠᠷ ᠲᠣᠬᠢᠷᠠᠭᠤᠯᠵᠤ ᠪᠡᠯᠡᠳᠬᠡᠭᠰᠡᠨ ᠭᠡᠷ ᠪᠠᠶᠢᠰᠢᠩ ᠤᠨ ᠡᠵᠡᠩᠨᠡᠯᠲᠡ ᠶᠢᠨ ᠬᠤᠭᠤᠴᠠᠭ᠎ᠠ ᠶᠢ 10 ᠵᠢᠯ ᠠᠴᠠ ᠳᠣᠣᠷ᠎ᠠ ᠪᠠᠶᠢᠯᠭᠠᠬᠤ ᠦᠭᠡᠢ᠃ ᠡᠵᠡᠩᠨᠡᠯᠲᠡ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠤᠤᠯ ᠤᠨ ᠭᠠᠵᠠᠷ ᠰᠢᠷᠣᠢ ᠶᠢᠨ ᠬᠡᠷᠡᠭᠴᠡᠭᠡ ᠪᠠᠷ ᠬᠢᠨᠠᠨ ᠵᠥᠪᠰᠢᠶᠡᠷᠡᠭᠦᠯᠬᠦ ᠭᠠᠷᠳᠠᠮ ᠢ ᠳᠠᠭᠢᠵᠤ ᠲᠡᠭᠦᠯᠳᠡᠷᠵᠢᠭᠦᠯᠦᠨ᠎ᠡ᠃      ︵ᠳᠥᠷᠪᠡ︶ ᠵᠠᠰᠠᠵᠤ ᠴᠢᠮᠡᠬᠦ ᠪᠠᠷᠢᠮᠵᠢᠶ᠎ᠠ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠵᠠᠰᠠᠵᠤ ᠴᠢᠮᠡᠭᠯᠡᠬᠦ ᠪᠠᠷᠢᠮᠵᠢᠶ᠎ᠠ ᠶᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠵᠠᠰᠠᠵᠤ ᠴᠢᠮᠡᠬᠦ ᠪᠠᠷᠢᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ᠂ ᠵᠠᠰᠠᠵᠤ ᠴᠢᠮᠡᠬᠦ ᠵᠡᠷᠭᠡ ᠲᠠᠰ ᠢ ᠭᠡᠷ ᠪᠠᠶᠢᠰᠢᠩ ᠤᠨ ᠲᠦᠷᠢᠶᠡᠰᠦᠨ ᠮᠦᠩᠭᠦ ᠯᠦᠭᠡ ᠬᠤᠯᠪᠣᠭᠳᠠᠭᠤᠯᠤᠨ᠎ᠠ᠃      ᠵᠢᠷᠭᠤᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠭᠤᠯᠬᠤ ᠪᠠᠷ ᠭᠤᠶᠤᠴᠢᠯᠠᠬᠤ ᠳᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠃      ︵ᠨᠢᠭᠡ︶ ᠦᠨᠳᠦᠰᠦᠨ ᠮᠠᠲ᠋ᠧᠷᠢᠶᠠᠯ᠃      1. ᠭᠤᠶᠣᠴᠢᠯᠠᠯ ᠤᠨ ᠬᠦᠰᠦᠨᠦᠭᠲᠦ᠃      2. ᠭᠤᠶᠤᠴᠢᠯᠠᠭᠴᠢ ᠶᠢᠨ ᠪᠡᠶ᠎ᠡ ᠶᠢᠨ ᠭᠠᠷᠤᠯ ᠤᠨ ᠭᠡᠷᠡᠴᠢ ᠪᠤᠶᠤ ᠬᠠᠤᠯᠢ ᠶᠢᠨ ᠬᠥᠮᠥᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠪᠦᠷᠢᠳᠬᠡᠭᠦᠯᠦᠨ ᠳᠠᠩᠰᠠᠯᠠᠭᠤᠯᠤᠭᠰᠠᠨ ᠭᠡᠷᠡᠴᠢ᠃      3. ᠭᠡᠷ ᠪᠠᠶᠢᠰᠢᠩ ᠭᠠᠵᠠᠷ ᠬᠥᠷᠥᠩᠭᠡ ᠶᠢᠨ ᠡᠷᠬᠡ ᠶᠢᠨ ᠬᠠᠷᠢᠶᠠᠯᠠᠯ ᠢ ᠭᠡᠷᠡᠴᠢᠯᠡᠬᠦ ᠪᠢᠴᠢᠭ ᠮᠠᠲ᠋ᠧᠷᠢᠶᠠᠯ᠃      4. ᠭᠡᠷ ᠪᠠᠶᠢᠰᠢᠩ ᠭᠠᠵᠠᠷ ᠬᠥᠷᠥᠩᠭᠡ ᠶᠢᠨ ᠥᠮᠴᠢᠯᠡᠯ ᠤᠨ ᠡᠷᠬᠡᠲᠦ ᠬᠥᠮᠥᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠬᠤ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠵᠡᠷᠭᠡ᠃      5. ᠭᠤᠶᠤᠴᠢᠯᠠᠭᠴᠢ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠥᠮᠴᠢᠯᠡᠯ ᠤᠨ ᠡᠷᠬᠡᠲᠦ ᠬᠥᠮᠥᠨ ᠯᠦᠭᠡ ᠲᠣᠭᠲᠠᠭᠰᠠᠨ ᠲᠦᠷᠢᠶᠡᠰᠦᠯᠡᠬᠦ ᠭᠡᠷ᠎ᠡ᠂ ᠨᠥᠬᠦᠪᠦᠷᠢ ᠭᠡᠷ᠎ᠡ᠂ ᠡᠷᠬᠡ ᠣᠯᠭᠤᠬᠤ ᠪᠢᠴᠢᠭ ᠵᠡᠷᠭᠡ ᠳᠤ᠂ ᠭᠤᠶᠤᠴᠢᠯᠠᠭᠴᠢ ᠲᠦᠷᠢᠶᠡᠰᠦᠯᠡᠭᠰᠡᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠭᠠᠳᠠᠭᠰᠢ ᠲᠦᠷᠢᠶᠡᠰᠦᠯᠡᠨ ᠡᠵᠡᠩᠨᠡᠵᠦ ᠪᠣᠯᠣᠨ᠎ᠠ ᠭᠡᠵᠦ ᠲᠣᠳᠣᠷᠬᠠᠢ ᠲᠣᠭᠲᠠᠭᠰᠠᠨ᠃      6. ᠭᠠᠵᠠᠷ ᠤᠨ ᠪᠠᠶᠢᠴᠠ ︵ᠣᠷᠣᠨ ᠪᠠᠶᠢᠷᠢ︶ ᠶᠢᠨ ᠵᠢᠷᠤᠭ᠂ ᠶᠡᠷᠦᠩᠬᠡᠢ ᠬᠠᠪᠲᠠᠭᠠᠢ ᠶᠢᠨ ᠵᠢᠷᠤᠭ᠂ ᠳᠠᠪᠬᠤᠷᠭ᠎ᠠ ︵ᠡᠷᠦᠬᠡ︶ ᠬᠤᠪᠢᠶᠠᠭᠰᠠᠨ ᠵᠢᠷᠤᠭ᠃      ︵ᠬᠤᠶᠠᠷ︶ ᠪᠦᠲᠦᠭᠡᠨ ᠪᠠᠶᠢᠭᠤᠯᠵᠤ ᠡᠵᠡᠩᠨᠡᠬᠦ ᠲᠥᠰᠥᠯ ᠪᠤᠶᠤ ᠪᠦᠲᠦᠭᠡᠨ ᠪᠠᠶᠢᠭᠤᠯᠵᠤ ᠡᠵᠡᠩᠨᠡᠬᠦ ᠮᠡᠳᠡᠭᠦᠯᠦᠯᠲᠡ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠲᠥᠰᠥᠯ ᠢ ᠬᠠᠩᠭᠠᠨ᠎ᠠ᠂ ᠡᠭᠦᠨ ᠳᠤ ᠲᠥᠷᠥᠯ ᠵᠦᠢᠯ ᠤᠨ ᠲᠣᠶᠢᠮᠣ ᠪᠠᠶᠢᠳᠠᠯ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠲᠥᠰᠥᠯ᠂ ᠲᠦᠷᠢᠶᠡᠰᠦᠯᠡᠨ ᠡᠵᠡᠩᠨᠡᠬᠦ ᠲᠥᠰᠥᠯ᠂ ᠠᠮᠠᠯᠠᠭᠰᠠᠨ ᠵᠦᠢᠯᠡᠰ ᠵᠡᠷᠭᠡ ᠠᠭᠤᠯᠭ᠎ᠠ ᠪᠠᠭᠲᠠᠨ᠎ᠠ᠃ ᠨᠢᠭᠡᠨᠲᠡ ᠪᠠᠶᠢᠭ᠎ᠠ ᠲᠥᠷᠥᠯ ᠵᠦᠢᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠮᠡᠳᠡᠭᠦᠯᠦᠯᠲᠡ ᠶᠢ ᠬᠠᠩᠭᠠᠨ᠎ᠠ᠂ ᠡᠭᠦᠨ ᠳᠤ ᠲᠥᠷᠥᠯ ᠵᠦᠢᠯ ᠤᠨ ᠲᠣᠶᠢᠮᠣ ᠪᠠᠶᠢᠳᠠᠯ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠪᠠᠶᠢᠳᠠᠯ᠂ ᠲᠦᠷᠢᠶᠡᠰᠦᠯᠡᠨ ᠡᠵᠡᠩᠨᠡᠬᠦ ᠲᠥᠰᠥᠯ᠂ ᠠᠮᠠᠯᠠᠭᠰᠠᠨ ᠵᠦᠢᠯᠡᠰ ᠵᠡᠷᠭᠡ ᠠᠭᠤᠯᠭ᠎ᠠ ᠶᠢ ᠪᠠᠭᠲᠠᠭᠠᠨ᠎ᠠ᠃      ᠭᠤᠷᠪᠠᠳᠤᠭᠠᠷ ᠪᠦᠯᠦᠭ ᠨᠤᠲᠠᠯᠠᠬᠤ ᠳᠠᠷᠠᠭᠠᠯᠠᠯ      ᠳᠣᠯᠣᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠳᠠᠷᠠᠭᠠᠯᠠᠯ ᠨᠢ ᠳᠣᠣᠷᠠᠬᠢ ᠮᠡᠲᠦ       ︵ᠨᠢᠭᠡ︶ ᠮᠡᠳᠡᠭᠦᠯᠬᠦ᠃ ᠭᠤᠶᠤᠴᠢᠯᠠᠭᠴᠢ ᠠᠴᠠ ᠬᠠᠷᠢᠶ᠎ᠠ ᠭᠠᠵᠠᠷ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠢᠶᠠᠷ ᠳᠠᠮᠵᠢᠭᠤᠯᠤᠨ ᠦᠨᠳᠦᠰᠦᠨ ᠮᠠᠲ᠋ᠧᠷᠢᠶᠠᠯ᠂ ᠪᠦᠲᠦᠭᠡᠨ ᠪᠠᠶᠢᠭᠤᠯᠵᠤ ᠡᠵᠡᠩᠨᠡᠬᠦ ᠲᠥᠰᠥᠯ ᠪᠤᠶᠤ ᠪᠦᠲᠦᠭᠡᠨ ᠪᠠᠶᠢᠭᠤᠯᠵᠤ ᠡᠵᠡᠩᠨᠡᠭᠰᠡᠨ ᠮᠡᠳᠡᠭᠦᠯᠦᠯᠲᠡ ᠶᠢ ᠪᠠᠭᠲᠠᠭᠠᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠮᠠᠲ᠋ᠧᠷᠢᠶᠠᠯ ᠢᠶᠠᠨ ᠲᠤᠰᠢᠶᠠᠨ᠎ᠠ᠃      ︵ᠬᠤᠶᠠᠷ︶ ᠬᠢᠨᠠᠨ ᠪᠠᠶᠢᠴᠠᠭᠠᠬᠤ᠃ ᠮᠡᠳᠡᠭᠦᠯᠦᠭᠰᠡᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠪᠠᠯ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠲᠥᠷᠥᠯ ᠵᠦᠢᠯ ᠳᠤ ᠡᠮᠦᠨᠡᠬᠢ ᠬᠤᠭᠤᠴᠠᠭᠠᠨ ᠤ ᠬᠢᠨᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠵᠠᠷᠯᠠᠬᠤ ᠲᠡᠰ ᠳᠠᠷᠠᠭᠠᠯᠠᠯ ᠢ ᠭᠦᠢᠴᠡᠳᠬᠡᠨ᠂ ᠵᠠᠷᠯᠠᠬᠤ ᠬᠤᠭᠤᠴᠠᠭ᠎ᠠ ᠨᠢ 5 ᠠᠵᠢᠯ ᠤᠨ ᠡᠳᠦᠷ᠂ ᠣᠨᠳᠣᠣ ᠰᠠᠨᠠᠯ ᠦᠭᠡᠢ ᠪᠣᠯ ᠬᠤᠳᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ ᠲᠤ ᠮᠡᠳᠡᠭᠦᠯᠦᠨ᠎ᠡ᠃      ︵ᠭᠤᠷᠪᠠ︶ ᠨᠤᠲᠠᠯᠠᠬᠤ᠃ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ ᠠᠴᠠ ᠨᠢᠭᠡᠳᠦᠯᠲᠡᠢ ᠬᠤᠷᠢᠶᠠᠩᠭᠤᠶᠢᠯᠠᠨ ᠬᠤᠲᠠ ᠶᠢᠨ ᠵᠠᠰᠠᠭ ᠤᠨ ᠣᠷᠳᠣᠨ ︵ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠤᠨ ᠤᠳᠤᠷᠢᠳᠬᠤ ᠳᠤᠭᠤᠶᠢᠯᠠᠩ︶ ᠳᠤ ᠮᠡᠳᠡᠭᠦᠯᠦᠨ ᠰᠤᠳᠤᠯᠤᠨ ᠲᠣᠭᠲᠠᠭᠠᠭᠰᠠᠨ ᠤ ᠳᠠᠷᠠᠭ᠎ᠠ ᠳᠠᠩᠰᠠᠯᠠᠭᠤᠯᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠨᠤᠲᠠᠯᠠᠭᠰᠠᠨ ᠪᠢᠴᠢᠭ︾ ᠣᠯᠭᠤᠨ᠎ᠠ᠃      ᠰᠢᠨ᠎ᠡ ᠪᠠᠷ ᠪᠠᠶᠢᠭᠤᠯᠤᠭᠰᠠᠨ ᠡᠩ ᠤᠨ ᠲᠠᠸᠠᠷ ᠤᠨ ᠭᠡᠷ ᠪᠠᠶᠢᠰᠢᠩ ᠤᠨ ᠲᠥᠷᠥᠯ ᠵᠦᠢᠯ ᠳᠤ ᠲᠣᠬᠢᠷᠠᠭᠤᠯᠤᠨ ᠪᠠᠶᠢᠭᠤᠯᠤᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ︽ᠭᠠᠵᠠᠷ ᠰᠢᠷᠣᠢ ᠶᠢᠨ ᠠᠷᠠᠯᠵᠢᠶ᠎ᠠ ᠲᠣᠬᠢᠷᠠᠭᠰᠠᠨ ᠢ ᠨᠤᠲᠠᠯᠠᠭᠰᠠᠨ ᠪᠢᠴᠢᠭ︾ ᠢᠶᠠᠷ ᠢᠶᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢᠶᠠᠷ ᠨᠤᠲᠠᠯᠠᠭᠰᠠᠨ ᠪᠢᠴᠢᠭ ᠢ ᠰᠢᠭᠤᠳ ᠭᠦᠢᠴᠡᠳᠬᠡᠵᠦ᠂ ᠮᠡᠳᠡᠭᠦᠯᠬᠦ ᠳᠠᠷᠠᠭᠠᠯᠠᠯ ᠢ ᠳᠠᠭᠢᠵᠤ ᠭᠦᠢᠴᠡᠳᠬᠡᠬᠦ ᠦᠭᠡᠢ᠃      ᠨᠠᠢᠮᠠᠳᠤᠭᠠᠷ ᠵᠦᠢᠯ ᠭᠤᠶᠤᠴᠢᠯᠠᠭᠴᠢ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠨᠤᠲᠠᠯᠠᠭᠰᠠᠨ ᠪᠢᠴᠢᠭ ︾ ᠢᠶᠠᠨ ᠠᠪᠴᠤ᠂ ︽ᠬᠥᠬᠡᠬᠤᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ︿ᠬᠥᠬᠡᠬᠤᠲᠠ ᠶᠢᠨ ᠪᠠᠲᠤᠯᠠᠭ᠎ᠠ ᠶᠢᠨ ᠴᠢᠨᠠᠷᠲᠠᠢ  ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠴᠤᠪᠤᠷᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠪᠠᠷᠢᠯᠭ᠎ᠠ ᠥᠭᠡᠷᠡᠴᠢᠯᠡᠯᠲᠡ ᠠᠯᠪᠠᠨ ᠲᠠᠷᠬᠠᠭᠠᠭᠰᠠᠨ ﹇2022﹈ 12 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠪᠦᠲᠦᠭᠡᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠭᠠᠷᠳᠠᠮ ᠢ ᠭᠦᠢᠴᠡᠳᠬᠡᠨ᠎ᠡ︔ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠠᠶᠢᠯᠢ ᠲᠠᠲᠠᠪᠤᠷᠢ᠂ ᠠᠷᠠᠳ ᠤᠨ ᠬᠡᠷᠡᠭᠯᠡᠭᠡᠨ ᠤ ᠤᠰᠤ᠂ ᠴᠠᠬᠢᠯᠭᠠᠨ᠂ ᠳᠤᠯᠠᠭᠠᠯᠠᠭ᠎ᠠ᠂ ᠬᠡᠢ ᠵᠡᠷᠭᠡ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠨ᠎ᠡ᠃ ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠭᠤᠶᠤᠴᠢᠯᠠᠭᠴᠢ ᠳᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ ᠬᠠᠩᠭᠠᠬᠤ ᠶᠢ ᠵᠣᠷᠢᠭᠵᠢᠭᠤᠯᠤᠨ᠎ᠠ᠃      ᠶᠢᠰᠦᠳᠦᠭᠡᠷ ᠵᠦᠢᠯ ᠬᠠᠷᠢᠶ᠎ᠠ ᠭᠠᠵᠠᠷ ︵ᠬᠠᠮᠢᠶᠠᠷᠤᠯᠲᠠ ᠶᠢᠨ ᠵᠥᠪᠯᠡᠯ︶ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠨᠤᠲᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠪᠠᠶᠢᠴᠠᠭᠠᠵᠤ ᠣᠶᠢᠯᠠᠭᠠᠬᠤ ᠪᠠ ᠪᠡᠯᠡᠳᠬᠡᠬᠦ ᠠᠵᠢᠯ ᠢ ᠲᠦᠷᠦᠭᠦᠯᠡᠨ ᠥᠷᠨᠢᠭᠦᠯᠵᠦ᠂ ᠨᠤᠲᠠᠯᠠᠬᠤ ᠨᠥᠬᠦᠴᠡᠯ ᠢ ᠦᠨᠳᠦᠰᠦᠯᠡᠨ ᠲᠥᠷᠥᠯ ᠵᠦᠢᠯ ᠰᠣᠩᠭᠤᠵᠤ᠂ ᠬᠠᠷᠢᠶ᠎ᠠ ᠭᠠᠵᠠᠷ ︵ᠬᠠᠮᠢᠶᠠᠷᠤᠯᠲᠠ ᠶᠢᠨ ᠵᠥᠪᠯᠡᠯ︶ ᠤᠨ ᠲᠥᠷᠥᠯ ᠵᠦᠢᠯ ᠢ ᠨᠥᠭᠡᠴᠡᠯᠡᠬᠦ ᠬᠥᠮᠥᠷᠭᠡ ᠪᠠᠶᠢᠭᠤᠯᠵᠤ᠂ ᠲᠥᠷᠥᠯ ᠵᠦᠢᠯ ᠮᠡᠳᠡᠭᠦᠯᠬᠦ᠂ ᠨᠥᠬᠦᠪᠦᠷᠢ ᠮᠥᠩᠭᠦ ᠭᠤᠶᠤᠴᠢᠯᠠᠬᠤ ᠳᠤ ᠨᠥᠬᠦᠴᠡᠯ ᠡᠭᠦᠳᠬᠦ ᠬᠡᠷᠡᠭᠲᠡᠢ᠃      ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ      ᠠᠷᠪᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠰᠠᠯᠭᠠᠵᠤ ᠳᠠᠩᠰᠠᠯᠠᠵᠤ᠂ ᠰᠠᠯᠭᠠᠵᠤ ᠬᠤᠳᠠᠯᠳᠤᠵᠤ᠂ ᠰᠠᠯᠭᠠᠵᠤ ᠪᠠᠷᠢᠴᠠᠭᠠᠯᠠᠵᠤ ᠪᠣᠯᠬᠤ ᠦᠭᠡᠢ᠂ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠪᠣᠷᠣᠯᠠᠭᠤᠯᠵᠤ ᠪᠣᠯᠬᠤ ᠦᠭᠡᠢ᠃ ᠬᠤᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠮᠢᠶ᠎ᠠ ᠪᠦᠬᠦᠢ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠬᠠᠮᠲᠤᠷᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠢ ᠲᠣᠭᠲᠠᠭᠰᠠᠨ ᠬᠤᠭᠤᠴᠠᠭ᠎ᠠ ᠲᠠᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠬᠤᠪᠢ ᠶᠢᠨ ᠨᠠᠶᠢᠷ ᠲᠠᠯ᠎ᠠ ᠢᠶᠠᠷ ᠬᠠᠤᠯᠢ ᠶᠣᠰᠣ ᠶᠢ ᠵᠥᠷᠢᠴᠡᠬᠦ᠂ ᠬᠤᠳᠠᠯ ᠬᠡᠯᠡᠵᠦ ᠬᠠᠭᠤᠷᠮᠠᠭ ᠵᠣᠬᠢᠶᠠᠬᠤ᠂ ᠲᠦᠷᠢᠶᠡᠰᠦᠯᠡᠬᠦ ᠪᠠᠷ ᠪᠣᠷᠣᠯᠠᠭᠤᠯᠬᠤ ᠶᠢ ᠣᠷᠣᠯᠠᠭᠤᠯᠬᠤ᠂ ᠲᠥᠷᠥ ᠶᠢᠨ ᠪᠣᠳᠣᠯᠭ᠎ᠠ ᠪᠠ ᠨᠥᠬᠦᠪᠦᠷᠢ ᠶᠢ ᠮᠡᠬᠡᠯᠡᠨ ᠠᠪᠬᠤ᠂ ᠬᠡᠷᠡᠭᠴᠡᠭᠡ ᠶᠢ ᠬᠤᠪᠢᠷᠠᠭᠤᠯᠬᠤ ᠵᠡᠷᠭᠡ ᠦᠶᠯᠡ ᠠᠵᠢᠯᠯᠠᠭ᠎ᠠ ᠶᠢ ᠪᠠᠭᠲᠠᠭᠠᠨ᠎ᠠ᠃ ᠬᠠᠷᠢᠶ᠎ᠠ ᠭᠠᠵᠠᠷ ︵ᠬᠠᠮᠢᠶᠠᠷᠤᠯᠲᠠ ᠶᠢᠨ ᠵᠥᠪᠯᠡᠯ︶ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠶᠠᠪᠤᠴᠠ ᠶᠢ ᠪᠠᠶᠢᠴᠠᠭᠠᠨ ᠵᠢᠯᠣᠭᠤᠳᠴᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠪᠠᠷᠢᠯᠭ᠎ᠠ ᠶᠢᠨ ᠠᠬᠢᠴᠠ᠂ ᠶᠠᠰᠤ ᠴᠢᠨᠠᠷ ᠤᠨ ᠠᠶᠤᠯᠭᠦᠢ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠶᠢᠴᠠᠭᠠᠨ᠎ᠠ︔ ᠲᠥᠷᠥᠯ ᠵᠦᠢᠯ ᠤᠨ ᠡᠵᠡᠩᠨᠡᠯᠲᠡ ᠶᠢᠨ ᠬᠤᠭᠤᠴᠠᠭᠠᠨ ᠳᠤ ᠲᠦᠷᠢᠶᠡᠰᠦᠯᠡᠭᠰᠡᠨ ᠬᠥᠮᠥᠨ᠂ ᠭᠡᠷ ᠪᠠᠶᠢᠰᠢᠩ ᠤᠨ ᠬᠡᠷᠡᠭᠯᠡᠯᠲᠡ ᠵᠡᠷᠭᠡ ᠬᠤᠪᠢᠷᠠᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃      ᠠᠷᠪᠠᠨ ᠨᠢᠭᠡᠳᠦᠭᠡᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠲᠥᠷᠥᠯ ᠵᠦᠢᠯ ᠤᠨ ᠨᠤᠲᠠᠯᠠᠭᠰᠠᠨ ᠪᠢᠴᠢᠭ ᠢ ᠬᠦᠴᠦᠨ ᠦᠭᠡᠢ ᠪᠣᠯᠭᠠᠨ᠎ᠠ᠃      ︵ᠨᠢᠭᠡ︶ ᠪᠠᠷᠢᠮᠵᠢᠶ᠎ᠠ ᠳᠤ ᠨᠡᠶᠢᠴᠡᠬᠦ ᠦᠭᠡᠢ᠂ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠤᠶᠤ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠪᠠᠷᠢᠮᠵᠢᠶ᠎ᠠ ᠳᠤ ᠬᠦᠷᠴᠦ ᠳᠡᠶᠢᠯᠦᠭᠰᠡᠨ ᠦᠭᠡᠢ᠃      ︵ᠬᠤᠶᠠᠷ︶ ᠡᠵᠡᠩᠨᠡᠯᠲᠡ ᠶᠢᠨ ᠬᠤᠭᠤᠴᠠᠭ᠎ᠠ ᠨᠢ ᠲᠣᠭᠲᠠᠭᠰᠠᠨ ᠬᠤᠭᠤᠴᠠᠭᠠᠨ ᠳᠤ ᠬᠦᠷᠦᠭᠰᠡᠨ ᠦᠭᠡᠢ ᠪᠠᠷ ᠳᠠᠮᠫᠤᠷᠠᠵᠤ ᠢᠯᠭᠠᠷᠠᠭᠤᠯᠤᠨ ᠪᠣᠳᠣᠭᠰᠠᠨ᠂ ᠲᠠᠲᠠᠪᠤᠷᠢᠯᠠᠵᠤ ᠨᠤᠷᠠᠭᠠᠨ ᠨᠡᠭᠦᠯᠭᠡᠭᠰᠡᠨ ᠵᠡᠷᠭᠡ ᠪᠤᠰᠤᠳ ᠰᠢᠯᠲᠠᠭᠠᠨ ᠠᠴᠠ ᠪᠣᠯᠵᠤ ᠦᠨᠡᠬᠡᠷ ᠤᠬᠤᠷᠢᠨ ᠭᠠᠷᠬᠤ ᠴᠢᠬᠤᠯᠠ ᠲᠠᠢ ᠪᠣᠯᠣᠭᠰᠠᠨ᠃      ᠠᠷᠪᠠᠨ ᠬᠤᠶᠠᠳᠤᠭᠠᠷ ᠵᠦᠢᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠦᠷᠦᠯ ᠵᠦᠢᠯ ᠤᠨ ᠡᠵᠡᠩᠨᠡᠯᠲᠡ ᠶᠢᠨ ᠬᠤᠭᠤᠴᠠᠭ᠎ᠠ  ᠨᠢ ᠲᠣᠭᠲᠠᠭᠰᠠᠨ ᠬᠤᠭᠤᠴᠠᠭᠠᠨ ᠳᠠᠭᠠᠨ ᠬᠦᠷᠦᠭᠰᠡᠨ ᠪᠠᠶᠢᠪᠠᠯ᠂ ᠪᠦᠲᠦᠭᠡᠨ ᠪᠠᠶᠢᠭᠤᠯᠵᠤ ᠡᠵᠡᠩᠨᠡᠬᠦ ᠭᠤᠣᠯ ᠴᠣᠭᠴᠠ ᠨᠢ ᠬᠤᠭᠤᠴᠠᠭ᠎ᠠ ᠳᠦᠭᠦᠷᠬᠦ ᠶᠢᠨ ᠡᠮᠦᠨ᠎ᠡ ᠭᠤᠷᠪᠠᠨ ᠰᠠᠷ᠎ᠠ ᠳᠤ ᠬᠤᠳᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠬᠤᠭᠤᠴᠠᠭ᠎ᠠ ᠤᠷᠲᠤᠳᠬᠠᠬᠤ ᠭᠤᠶᠤᠴᠢᠯᠠᠯ ᠭᠠᠷᠭᠠᠵᠤ ᠪᠣᠯᠣᠨ᠎ᠠ᠂ ᠡᠰᠡ ᠲᠡᠭᠡᠪᠡᠯ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠠᠮᠢᠶᠠᠷᠤᠯᠲᠠ ᠠᠴᠠ ᠤᠬᠤᠷᠢᠨ ᠭᠠᠷᠤᠭᠰᠠᠨ ᠢᠶᠠᠷ ᠨᠤᠲᠠᠯᠠᠨ᠎ᠠ᠃      ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠠᠷᠪᠠᠨ ᠭᠤᠷᠪᠠᠳᠤᠭᠠᠷ ᠵᠦᠢᠯ ᠲᠣᠰ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ᠂ ᠪᠦᠲᠦᠭᠡᠨ ᠪᠠᠶᠢᠭᠤᠯᠬᠤ ᠣᠨ ‍ᠤ‌‍ᠲ᠋ᠥ᠋ᠯᠥᠪᠯᠡᠭᠡ ᠳᠤ ᠣᠷᠣᠭᠤᠯᠬᠤ ᠶᠢᠨ ᠬᠠᠮᠲᠤ ᠲᠥᠷᠥᠯ ᠵᠦᠢᠯ ᠤᠨ ᠨᠤᠲᠠᠯᠠᠯᠲᠠ ᠶᠢᠨ ᠪᠢᠴᠢᠭ ᠢ ᠣᠯᠣᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠳᠤ ᠳᠠᠭᠢᠵᠤ ᠣᠯᠭᠤᠬᠤ ᠦᠭᠡᠢ︔ ᠲᠥᠷᠥᠯ ᠵᠦᠢᠯ ᠤᠨ ᠨᠤᠲᠠᠯᠠᠯᠲᠠ ᠶᠢᠨ ᠪᠢᠴᠢᠭ ᠢ ᠣᠯᠭᠤᠭᠰᠠᠨ ᠦᠭᠡᠢ ᠪᠠᠶᠢᠪᠠᠯ᠂ ᠪᠦᠲᠦᠭᠡᠨ ᠪᠠᠶᠢᠭᠤᠯᠵᠤ ᠡᠵᠡᠩᠨᠡᠬᠦ ᠭᠤᠣᠯ ᠴᠣᠭᠴᠠ ᠨᠢ ᠲᠣᠰ ᠬᠠᠮᠢᠶᠠᠷᠤᠯᠲᠠ ᠶᠢᠨ ᠠᠷᠭ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠨᠤᠲᠠᠯᠠᠭᠤᠯᠬᠤ ᠪᠠᠷ ᠭᠤᠶᠤᠴᠢᠯᠠᠵᠤ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠤᠷᠳᠤᠯᠠᠵᠤ ᠲᠥᠷᠥᠯ ᠵᠦᠢᠯ ᠤᠨ ᠨᠤᠲᠠᠯᠠᠯᠲᠠ ᠶᠢᠨ ᠪᠢᠴᠢᠭ ᠢ ᠬᠢᠨᠠᠨ ᠣᠯᠭᠤᠨ᠎ᠠ᠃      ᠠᠷᠪᠠᠨ ᠳᠥᠷᠪᠡᠳᠦᠭᠡᠷ ᠵᠦᠢᠯ ᠲᠥᠪᠯᠡᠷᠡᠩᠭᠦᠢ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠡᠳᠡᠭ ᠨᠢ ᠵᠣᠬᠢᠬᠤ ᠬᠡᠪᠴᠢᠶ᠎ᠡ ᠶᠢ ᠪᠦᠷᠢᠳᠦᠭᠦᠯᠦᠭᠰᠡᠨ᠂ ᠪᠦᠬᠦᠯᠢ ᠴᠣᠭᠴᠠ ᠪᠠᠷ ᠡᠵᠡᠩᠨᠡᠬᠦ ᠶᠢᠨ ᠬᠠᠮᠲᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠮᠠᠶ᠋ᠢᠭ ᠢᠶᠠᠷ ᠲᠥᠪᠯᠡᠷᠡᠭᠦᠯᠦᠨ ᠬᠠᠮᠢᠶᠠᠷᠴᠤ᠂ ᠲᠦᠷᠢᠶᠡᠰᠦᠯᠡᠭᠦᠯᠬᠦ ᠳᠤ ᠬᠡᠷᠡᠭᠯᠡᠬᠦ ᠣᠷᠣᠨ ᠰᠠᠭᠤᠴᠠ ᠶᠢᠨ ᠴᠢᠨᠠᠷᠲᠠᠢ ᠭᠡᠷ ᠪᠠᠶᠢᠰᠢᠩ ᠢ ᠵᠢᠭᠠᠵᠤ ᠪᠠᠶᠢᠨ᠎ᠠ᠃      ᠠᠷᠪᠠᠨ ᠲᠠᠪᠤᠳᠤᠭᠠᠷ ᠵᠦᠢᠯ ᠲᠣᠰ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ