ᠵᠢᠭᠠᠰᠤᠨ ᠠᠩ ᠤᠨ ᠪᠠᠭ᠋ᠠᠷᠬᠠᠯ
ᠨᠡᠶᠢᠲᠡᠯᠡᠭᠰᠡᠨ ᠴᠠᠭ᠄
2023/1/10
20230110.jpg
20230110-1.jpg
      1 ᠳ᠋ᠦ᠋ᠭᠡᠷ ᠰᠠᠷ᠎ᠠ ᠶᠢᠨ 9 ᠤ ᠡᠳᠦᠷ᠂ ᠲᠦᠮᠡᠳ ᠵᠡᠭᠦᠨ ᠬᠤᠰᠢᠭᠤᠨ ᠤ ᠬᠠᠷ᠎ᠠ ᠤᠰᠤ ᠶᠢᠨ ᠠᠩᠬᠠᠳᠤᠭᠠᠷ ᠬᠤᠭᠤᠴᠠᠭᠠᠨ ᠤ ᠡᠪᠦᠯ ᠤᠨ ᠠᠩᠨᠠᠯᠲᠠ ᠶᠢᠨ ᠪᠠᠶᠠᠷ ᠵᠢᠴᠢ ᠮᠥᠰᠥ ᠴᠠᠰᠤᠨ ᠤ ᠵᠢᠭᠤᠯᠴᠢᠯᠠᠯ ᠤᠨ ᠤᠯᠠᠷᠢᠯ ᠤᠨ ᠰᠢᠷᠢᠰ ᠠᠵᠢᠯᠯᠠᠭ᠎ᠠ ᠡᠬᠢᠯᠡᠪᠡ᠃ ᠬᠠᠷ᠎ᠠ ᠤᠰᠤ ᠨᠢ ᠮᠠᠨ ᠤ ᠬᠤᠳᠠ ᠶᠢᠨ ᠪᠠᠷᠠᠭᠤᠨ ᠡᠮᠦᠨ᠎ᠡ ᠪᠡᠶ᠎ᠡ ᠳᠤ ᠪᠠᠶᠢᠷᠢᠯᠠᠵᠤ᠂ ᠤᠰᠤᠨ ᠤ ᠴᠢᠨᠠᠷ ᠨᠢ ᠲᠤᠩᠭᠠᠯᠠᠭ᠂ ᠪᠣᠶᠢᠵᠢᠭᠤᠯᠤᠭᠰᠠᠨ ᠡᠯ᠎ᠡ ᠵᠦᠢᠯ ᠤᠨ ᠵᠢᠭᠠᠰᠤᠨ ᠤ ᠲᠦᠷᠦᠯ ᠨᠢ ᠰᠢᠨ᠎ᠡ ᠰᠣᠷᠭᠤᠭ ᠲᠠᠷᠭᠤᠨ ᠴᠠᠳᠬᠤᠯᠠᠩ ᠪᠠᠶᠢᠵᠤ᠂ ᠲᠤᠬᠠᠢ ᠶᠢᠨ ᠭᠠᠵᠠᠷ ᠤᠨ ᠬᠥᠮᠥᠰ ᠤᠨ ᠪᠠᠭ᠋ᠠᠷᠬᠠᠯ ᠢ ᠶᠡᠬᠡᠳᠡ ᠲᠠᠲᠠᠳᠠᠭ᠃ ᠬᠠᠬᠢᠷ ᠡᠪᠦᠯ ᠤᠨ ᠤᠯᠠᠷᠢᠯ ᠳᠤ᠂ ᠵᠢᠭᠠᠰᠤᠴᠢᠨ ᠬᠠᠷ᠎ᠠ ᠤᠰᠤ ᠶᠢᠨ ᠮᠥᠰᠥᠨ ᠳᠡᠭᠡᠷ᠎ᠡ ᠮᠥᠰᠥ ᠴᠤᠭᠤᠯᠵᠤ᠂ ᠲᠣᠣᠷ ᠲᠠᠲᠠᠵᠤ᠂ ᠵᠢᠭᠠᠰᠤ ᠠᠩᠨᠠᠳᠠᠭ᠃      ᠡᠪᠦᠯ ᠤᠨ ᠠᠩᠨᠠᠯᠲᠠ ᠶᠢᠨ ᠲᠤᠬᠠᠢ ᠶᠢᠨ ᠲᠠᠯᠠᠪᠠᠶ ᠳᠤ ᠣᠯᠵᠤ ᠦᠵᠡᠭᠰᠡᠨ ᠨᠢ᠂ ᠵᠢᠭᠠᠰᠤᠴᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠭᠦᠢᠴᠡᠳ ᠬᠢᠭᠰᠡᠨ ᠤ ᠳᠠᠷᠠᠭ᠎ᠠ᠂ ᠵᠢᠭᠤᠯᠴᠢᠯᠠᠭᠴᠢᠳ ᠲᠠᠢ ᠬᠠᠮᠲᠤ ᠪᠠᠷ ᠮᠥᠰᠥᠳᠦᠭᠰᠡᠨ ᠨᠠᠭᠤᠷ ᠢ ᠬᠦᠷᠢᠶᠡᠯᠡᠨ᠂ ᠵᠢᠭᠠᠰᠤ ᠭᠠᠷᠴᠤ ᠢᠷᠡᠬᠦ ᠶᠢ ᠬᠦᠯᠢᠶᠡᠵᠦ ᠪᠠᠶᠢᠯ᠎ᠠ᠃ ᠵᠢᠭᠠᠰᠤ ᠭᠠᠷᠴᠤ ᠢᠷᠡᠯ᠎ᠡ︕ ᠵᠢᠭᠠᠰᠤ ᠭᠠᠷᠴᠤ ᠢᠷᠡᠯ᠎ᠡ︕ ᠣᠯᠠᠨ ᠤ ᠤᠷᠠᠢ ᠬᠠᠰᠬᠢᠷᠤᠯᠲᠠ ᠶᠢᠨ ᠳᠤᠮᠳᠠ᠂ ᠦᠰᠦᠷᠦᠨ ᠭᠠᠷᠴᠤ ᠢᠷᠡᠭᠰᠡᠨ ᠵᠢᠭᠠᠰᠤ ᠨᠤᠭᠤᠳ ᠠᠯᠭᠤᠷᠬᠠᠨ ᠮᠥᠰᠥᠨ ᠳᠤ ᠲᠠᠲᠠᠭᠳᠠᠨ ᠭᠠᠷᠪᠠ᠃ ᠲᠤᠬᠠᠢ ᠶᠢᠨ ᠡᠳᠦᠷ ᠲᠤ 32 ᠵᠢᠩ ᠬᠦᠨᠳᠦ ᠲᠦᠷᠦᠭᠦᠦ ᠵᠢᠭᠠᠰᠤ ᠶᠢ ᠡᠴᠦᠰ ᠲᠡᠭᠡᠨ 68888 ᠲᠥᠭᠦᠷᠢᠭ ᠤᠨ ᠦᠨ᠎ᠡ ᠪᠠᠷ ᠦᠨ᠎ᠡ ᠬᠠᠶᠠᠨ ᠬᠤᠳᠠᠯᠳᠤᠵᠠᠢ᠃      ᠣᠶᠢᠯᠠᠭᠠᠭᠰᠠᠨ ᠢᠶᠠᠷ᠂ ᠲᠦᠮᠡᠳ ᠵᠡᠭᠦᠨ ᠬᠤᠰᠢᠭᠤᠨ ᠤ ᠮᠥᠰᠥ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ 2 ᠳ᠋ᠤᠭᠠᠷ ᠰᠠᠷ᠎ᠠ ᠶᠢᠨ 8 ᠤ ᠡᠳᠦᠷ ᠪᠣᠯᠲᠠᠯ᠎ᠠ ᠦᠷᠭᠦᠯᠵᠢᠯᠡᠵᠦ᠂ ᠡᠪᠦᠯ ᠤᠨ ᠠᠩ ᠤᠨ ᠪᠠᠶᠠᠷ᠂ ᠣᠨᠴᠠᠯᠢᠭᠲᠤ ᠠᠮᠲᠠᠲᠤ ᠢᠳᠡᠭᠡᠨ ᠤ ᠪᠠᠶᠠᠷ᠂ ᠬᠡᠷᠡᠯ ᠵᠢᠷᠤᠭ ᠤᠨ ᠦᠵᠡᠰᠬᠦᠯᠡᠩ᠂ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠵᠡᠷᠭᠡ 9 ᠵᠦᠢᠯ ᠤᠨ ᠠᠵᠢᠯᠯᠠᠭ᠎ᠠ ᠶᠠᠪᠤᠭᠳᠠᠬᠤ ᠪᠣᠯᠣᠨ᠎ᠠ᠃ ᠲᠠᠩᠰᠤᠭ ᠰᠠᠶᠢᠬᠠᠨ ᠥᠪᠡᠷᠮᠢᠴᠡ ᠣᠨᠴᠠᠯᠢᠭ ᠲᠠᠢ ᠠᠵᠢᠯᠯᠠᠭ᠎ᠠ ᠨᠢ ᠵᠢᠭᠤᠯᠴᠢᠯᠠᠭᠴᠢᠳ ᠲᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠪᠠ ᠥᠨᠢᠷ ᠥᠳᠬᠡᠨ ᠵᠢᠯ ᠤᠨ ᠦᠨᠦᠷ ᠠᠮᠲᠠ ᠶᠢ ᠡᠳ᠋ᠯᠡᠭᠦᠯᠦᠨ᠎ᠡ᠃ ᠵᠢᠷᠤᠭ ᠢ ᠰᠤᠷᠪᠤᠯᠵᠢᠯᠠᠭᠴᠢ ᠸᠠᠩ ᠵᠥᠩ ᠵᠸᠦ  ᠮᠡᠳᠡᠭᠡ ᠶᠢ ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ