ᠾᠧ ᠬᠠᠢ ᠳ᠋ᠦᠩ ᠳᠠᠭᠠᠭᠠᠴᠢᠯᠠᠨ ᠬᠠᠷᠢᠯᠴᠠᠵᠤ ᠦᠨᠡᠯᠡᠬᠦ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠪᠠ
ᠨᠡᠶᠢᠲᠡᠯᠡᠭᠰᠡᠨ ᠴᠠᠭ᠄
2023/1/11
      1 ᠳ᠋ᠦ᠋ᠭᠡᠷ ᠰᠠᠷ᠎ᠠ ᠶᠢᠨ 9 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠾᠧ ᠬᠠᠢ ᠳ᠋ᠦᠩ 2022 ᠣᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠳᠠᠭᠠᠭᠠᠴᠢᠯᠠᠨ ᠬᠠᠷᠢᠯᠴᠠᠵᠤ ᠦᠨᠡᠯᠡᠬᠦ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠶᠢᠨ 2022 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠮᠡᠳᠡᠭᠦᠯᠦᠯᠲᠡ ᠶᠢ ᠰᠣᠨᠣᠰᠴᠤ ᠲᠤᠬᠠᠢ ᠶᠢᠨ ᠲᠠᠯᠠᠪᠠᠢ ᠳᠤ ᠦᠨᠡᠯᠡᠨ ᠰᠢᠯᠭᠠᠪᠠ᠃ ᠬᠤᠷᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠣᠯᠣᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠲᠥᠪ ᠵᠢᠴᠢ ᠬᠤᠷᠢᠨᠭᠡᠷ ᠰᠢᠨ᠎ᠡ ᠲᠣᠭᠤᠷᠢᠭ ᠵᠡᠷᠭᠡ 8 ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠬᠠᠷᠢᠭᠤᠴᠠᠯᠭᠠᠲᠠᠨ ᠨᠥᠬᠦᠳ ᠲᠤᠰᠢᠶᠠᠯ ᠤᠨ ᠮᠡᠳᠡᠭᠦᠯᠦᠯᠲᠡ ᠬᠢᠵᠡᠢ᠃ ᠾᠧ ᠬᠠᠢ ᠳ᠋ᠦᠩ ᠤᠯᠠᠨ ᠤ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠨ᠂ ᠠᠮᠵᠢᠯᠲᠠ ᠶᠢ ᠨᠢ ᠨᠤᠲᠠᠯᠠᠵᠤ᠂ ᠠᠰᠠᠭᠤᠳᠠᠯ ᠢ ᠨᠢ ᠵᠢᠭᠠᠨ ᠭᠠᠷᠭᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠴᠠᠢ᠃      ᠾᠧ ᠬᠠᠢ ᠳ᠋ᠦᠩ ᠵᠢᠭᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠴᠥᠮ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠬᠦᠷᠴᠦ᠂ ᠴᠥᠮ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠶᠡᠭᠡ ᠬᠦᠴᠦ ᠣᠷᠣᠭᠤᠯᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠨᠢᠭᠡᠴᠡ ᠶᠢᠨ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠳᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠠᠬᠢᠭᠤᠯᠵᠤ᠂ ᠲᠤᠰ ᠨᠢᠭᠡᠴᠡ ᠶᠢᠨ ᠢᠶᠠᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠠᠵᠢᠯ ᠳᠤ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠡᠭᠦᠷ ᠤᠨ ᠪᠠᠶᠢᠭᠤᠯᠤᠯᠲᠠ ᠶᠢ ᠪᠠᠬᠢᠵᠢᠭᠦᠯᠵᠦ᠂ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠤ ᠡᠩᠨᠡᠭᠡ ᠶᠢ ᠰᠠᠶᠢᠲᠤᠷ ᠪᠠᠶᠢᠭᠤᠯᠵᠤ᠂ ᠪᠠᠶᠢᠭᠤᠯᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠡᠯ᠎ᠡ ᠵᠦᠢᠯ ᠤᠨ ᠠᠵᠢᠯ ᠤᠨ ᠡᠭᠦᠷᠭᠡ ᠶᠢ ᠲᠡᠷᠡ ᠶᠣᠰᠣᠭᠠᠷ ᠨᠢ ᠶᠠᠰᠤ ᠴᠢᠨᠠᠷ ᠢ ᠪᠠᠲᠤᠯᠠᠨ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠡᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ