ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2022 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/11
ᠪᠣᠣ ᠭᠠᠩ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 10 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2022 ᠣᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠤᠨ᠂ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠪᠣᠳᠠᠲᠠᠢ ᠲᠠᠢ ᠤᠶᠠᠯᠳᠤᠭᠤᠯᠵᠤ᠂ ᠭᠦᠨᠵᠡᠭᠡᠢ ᠪᠠᠶᠢᠴᠠᠭᠠᠨ ᠳᠡᠯᠭᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠪᠡ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠺᠠᠩ ᠰᠢᠤᠸᠠᠢ ᠳ᠋ᠦᠩ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠭᠰᠡᠨ ᠪᠠᠶᠢᠨ᠎ᠠ᠃      ᠬᠤᠲᠠ ᠶᠢᠨ ᠨᠠᠮ ᠤᠨ ᠬᠤᠷᠢᠶ᠎ᠠ ᠡᠨᠡ ᠤᠳᠠᠭᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠬᠤᠷᠠᠯ ᠠᠴᠠ ᠡᠮᠦᠨ᠎ᠡ ᠲᠤᠰᠬᠠᠶᠢᠯᠠᠨ ᠲᠥᠰᠥᠯ ᠲᠣᠭᠲᠠᠭᠠᠵᠤ᠂ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠨᠠᠷᠢᠨ ᠬᠢᠨᠠᠮᠠᠭᠠᠢ ᠶᠠᠷᠢᠯᠴᠠᠵᠤ᠂ ᠬᠠᠷᠢᠴᠠᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠨᠠᠷᠢᠨ ᠨᠢᠮᠪᠠᠢ ᠲᠤᠭᠤᠷᠪᠢᠵᠤ᠂ ᠭᠦᠢᠴᠡᠳ ᠪᠡᠯᠡᠳᠬᠡᠯ ᠬᠢᠵᠡᠢ᠃      ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠤᠰ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠪᠣᠣ ᠭᠠᠩ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠭᠰᠠᠨ ᠪᠠᠶᠢᠴᠠᠭᠠᠯᠲᠠ ᠬᠢᠬᠦ ᠶᠢᠨ ᠬᠠᠮᠲᠤ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠦ᠂ ᠪᠤᠰᠤᠳ ᠪᠠᠶᠢᠩᠭᠤ ᠶᠢᠨ ᠭᠡᠰᠢᠭᠦᠳ ᠨᠢᠭᠡᠳ ᠨᠢᠭᠡ ᠪᠠᠷ ᠬᠤᠪᠢ ᠬᠥᠮᠥᠨ ᠤ ᠬᠠᠷᠢᠴᠠᠭᠤᠯᠤᠭᠰᠠᠨ ᠪᠠᠶᠢᠴᠠᠭᠠᠯᠲᠠ ᠬᠢᠵᠡᠢ᠃ ᠪᠠᠶᠢᠩᠭᠤ ᠶᠢᠨ ᠭᠡᠰᠢᠭᠦᠨ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠭᠰᠡᠨ ᠰᠠᠨᠠᠯ ᠳᠤᠷᠠᠳᠪᠠ᠃      ᠪᠣᠣ ᠭᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠨᠢ ᠦᠵᠡᠯ ᠰᠠᠨᠠᠭ᠎ᠠ ᠪᠠᠨ ᠰᠣᠯᠢᠯᠴᠠᠨ᠂ ᠠᠰᠠᠭᠤᠳᠠᠯ ᠢ ᠪᠠᠶᠢᠴᠠᠭᠠᠨ ᠳᠡᠯᠭᠡᠵᠦ ᠵᠢᠱᠢᠭᠰᠡᠨ ᠦᠷ᠎ᠡ ᠪᠦᠲᠦᠮᠵᠢ ᠣᠯᠵᠠᠢ᠃ ᠠᠷᠠᠳᠴᠢᠯᠠᠭᠰᠠᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠤᠯᠠᠮ ᠴᠢᠨᠠᠭᠰᠢᠳᠠ ᠴᠢᠩᠭᠠᠳᠬᠠᠵᠤ᠂ ︽ᠬᠤᠶᠠᠷ ᠢ ᠲᠣᠭᠲᠠᠭᠠᠭᠰᠠᠨ︾ ᠢ ᠦᠨᠡᠨᠴᠢ ᠰᠢᠳᠤᠷᠭᠤ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠲᠠᠯ᠎ᠠ ᠪᠠᠷ᠂ ᠦᠵᠡᠯ ᠰᠠᠨᠠᠭ᠎ᠠ ᠪᠠᠨ ᠴᠢᠯᠦᠭᠡᠯᠡᠵᠦ ᠵᠠᠮ ᠨᠡᠭᠡᠭᠡᠨ ᠤᠷᠤᠭᠰᠢᠯᠠᠨ ᠲᠠᠪᠰᠢᠬᠤ ᠲᠠᠯ᠎ᠠ ᠪᠠᠷ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠠᠯ᠎ᠠ ᠪᠠᠷ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠬᠤ ᠲᠠᠯ᠎ᠠ ᠪᠠᠷ ᠰᠠᠶᠢᠲᠤᠷ ᠳᠠᠭᠠᠭᠤᠯᠤᠨ᠂ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠪᠠᠶᠢᠴᠠᠭᠠᠨ ᠳᠡᠯᠭᠡᠭᠰᠡᠨ ᠠᠰᠠᠭᠤᠳᠠᠯ ᠢ ᠨᠢᠭᠡᠳ ᠨᠢᠭᠡ ᠪᠠᠷ ᠭᠦᠨᠵᠡᠭᠡᠢ ᠬᠠᠯᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠭᠡᠵᠡᠢ᠃      ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ