ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/12
ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠮᠢᠶᠣᠣ ᠰᠢᠨ︶ 1 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠳᠠᠷᠤᠭ᠎ᠠ ᠲᠦᠩ ᠭᠦᠸᠧ ᠴᠢᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠼᠤᠤ ᠰᠧ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠮᠠ ᠪᠢᠩ ᠴᠢᠤᠸᠠᠨ ᠣᠷᠣᠯᠴᠠᠵᠠᠢ᠃      ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ︽ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠳᠦᠷᠢᠮ︾ ᠢ ᠰᠤᠷᠤᠯᠴᠠᠨ ᠶᠠᠷᠢᠯᠴᠠᠵᠤ᠂ ᠰᠢᠨ᠎ᠡ ᠨᠢᠭᠡ ᠬᠤᠭᠤᠴᠠᠭᠠᠨ ᠤ ᠬᠤᠳᠠ ᠶᠢᠨ ᠵᠡᠮᠳᠡᠭᠴᠦᠳ ᠤᠨ ᠬᠤᠯᠪᠣᠭ᠎ᠠ ᠶᠢᠨ ᠤᠳᠤᠷᠢᠳᠬᠤ ᠪᠠᠭ ᠢ ᠰᠣᠩᠭᠤᠨ ᠭᠠᠷᠭᠠᠵᠤ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ