ᠼᠤᠤ ᠰᠧ ᠶᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠮᠢᠶᠣᠣ ᠰᠢᠨ︶ 1 ᠳ᠋ᠦ᠋ᠭᠡᠷ ᠰᠠᠷ᠎ᠠ ᠶᠢᠨ 11 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠳᠠ ᠶᠢ ᠵᠠᠰᠠᠬᠤ | ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠵᠢᠴᠢ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠬᠠᠤᠯᠢᠵᠢᠯ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠬᠠᠤᠯᠢ ᠲᠣᠭᠠᠴᠢᠯᠲᠠ ᠶᠢᠨ ᠦᠨᠡᠯᠡᠯᠲᠡ ᠶᠢᠨ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠡᠷᠭᠢᠯᠡᠵᠦ᠂ ᠬᠤᠲᠠ ᠶᠢᠨ | ᠤᠳᠤᠷᠢᠳᠤᠯᠭ᠎ᠠ ᠱᠠᠩ ᠵᠢᠩ ᠮᠢᠨ᠂ ᠰᠢᠨ ᠨᠠ᠂ ᠵᠠᠩ ᠵᠥᠩ ᠳ᠋ᠦᠩ᠂ ᠯᠢ ᠵᠢᠶᠦ᠋ᠨ᠂ ᠯᠢ ᠸᠧᠨ ᠭᠧ ᠣᠷᠣᠯᠴᠠᠵᠠᠢ᠃ | ᠬᠤᠷᠠᠯ ᠠᠴᠠ ᠲᠥᠪ ᠤᠨ ᠬᠠᠤᠯᠢ ᠪᠠᠷ ᠤᠯᠤᠰ ᠢᠶᠠᠨ ᠵᠠᠰᠠᠬᠤ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | ᠰᠢᠨ᠎ᠡ ᠬᠤᠳᠠ ᠲᠣᠭᠤᠷᠢᠭ᠂ ᠰᠠᠶᠢᠬᠠᠨ ᠲᠣᠭᠤᠷᠢᠭ᠂ ᠬᠤᠷᠢᠨᠭᠡᠷ ᠰᠢᠶᠠᠨ᠂ ᠬᠤᠳᠠ ᠶᠢᠨ ᠵᠠᠮ ᠬᠠᠷᠢᠯᠴᠠᠭᠠᠨ ᠤ ᠲᠣᠪᠴᠢᠶ᠎ᠠ᠂ ᠬᠤᠳᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠤᠨ ᠬᠠᠤᠯᠢᠵᠢᠯ ᠤᠨ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠬᠠᠤᠯᠢ ᠲᠣᠭᠠᠴᠢᠯᠲᠠ ᠶᠢᠨ | ᠦᠨᠡᠯᠡᠯᠲᠡ ᠬᠢᠪᠡ︔ ᠬᠠᠤᠯᠢ ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠵᠢᠴᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠪᠣᠯᠣᠨ ᠬᠤᠷᠢᠶ᠎ᠠ ᠶᠢᠨ ᠠᠯᠪᠠᠨ ᠭᠡᠷ ᠤᠨ 2022 ᠣᠨ ᠤ ᠠᠵᠢᠯ ᠤᠨ ᠮᠡᠳᠡᠭᠦᠯᠦᠯᠲᠡ ᠶᠢ ᠪᠢᠴᠢᠭ ᠢᠶᠠᠷ ᠬᠢᠨᠠᠨ ᠵᠥᠪᠯᠡᠪᠡ︔ | ᠮᠠᠨ ᠤ ᠬᠤᠲᠠ ᠶᠢᠨ ᠲᠠᠷᠠᠭᠠᠴᠢ ᠶᠢᠨ ᠠᠯᠬᠤᠮ ᠤᠨ ᠬᠠᠤᠯᠢ ᠪᠠᠷ ᠬᠤᠲᠠ ᠪᠠᠨ ᠵᠠᠰᠠᠬᠤ ︵ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ︶ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ |