1 ᠳ᠋ᠦ᠋ᠭᠡᠷ ᠰᠠᠷ᠎ᠠ ᠶᠢᠨ 12 ᠤᠨ ᠡᠳᠦᠷ᠂ ᠮᠠᠨ ᠤ ᠬᠤᠲᠠ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢᠨ ᠭᠡᠷ᠎ᠡ ᠲᠣᠭᠲᠠᠬᠤ ᠶᠣᠰᠣᠯᠠᠯ ᠬᠢᠵᠦ᠂ ᠬᠤᠲᠠ ᠶᠢᠨ ᠵᠠᠰᠠᠭ ᠤᠨ | ᠣᠷᠳᠣᠨ ᠠᠴᠠ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠳᠤᠮᠳᠠᠳᠤ ᠤᠯᠤᠰ ᠤᠨ ᠪᠠᠩᠬᠢ ᠵᠡᠷᠭᠡ 4 | ᠤᠯᠤᠰ ᠤᠨ ᠥᠮᠴᠢᠯᠡᠯ ᠤᠨ ᠪᠠᠩᠬᠢ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ | ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠪᠣᠯ ᠵᠠᠰᠠᠭ ᠤᠨ ᠣᠷᠳᠣᠨ ᠠᠴᠠ ᠨᠢᠭᠡᠳᠦᠯᠲᠡᠢ ᠲᠥᠯᠥᠪᠯᠡᠵᠦ᠂ ᠪᠠᠩᠬᠢ ᠠᠴᠠ ᠪᠡᠯᠡ ᠮᠥᠩᠭᠦ ᠭᠠᠷᠭᠠᠵᠤ ᠠᠵᠤ ᠠᠬᠤᠶᠢᠯᠠᠯ᠂ | ᠣᠯᠠᠨ ᠲᠦᠮᠡᠨ ᠳᠤ ᠨᠠᠩ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠰᠢᠨ᠎ᠡ ᠲᠤᠷᠰᠢᠯᠲᠠ ᠪᠣᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠷᠢᠶᠡᠨ ᠳᠠᠬᠢ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠨᠢ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ | ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠣᠯᠠᠨ ᠬᠦᠷᠢᠶᠡᠨ ᠳᠠᠬᠢ ᠣᠯᠠᠨ ᠲᠦᠮᠡᠨ ᠤ ᠦᠷᠭᠦᠯᠵᠢ ᠭᠦᠢᠴᠡᠳᠬᠡᠳᠡᠭ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠶᠡᠷᠦᠩᠬᠡᠶᠢᠯᠡᠨ ᠬᠤᠷᠢᠶᠠᠩᠭᠤᠶᠢᠯᠠᠵᠤ᠂ ᠨᠢᠭᠡᠳᠦᠭᠦᠯᠦᠭᠰᠡᠨ ᠮᠠᠶ᠋ᠢᠭ ᠤᠨ ᠥᠪᠡᠰᠦᠪᠡᠨ ᠦᠢᠯᠡᠴᠢᠯᠡᠬᠦ ᠦᠵᠦᠭᠦᠷ ᠢ ᠪᠠᠩᠬᠢ ᠶᠢᠨ | ᠲᠣᠣᠷ ᠴᠡᠭ᠂ ᠨᠡᠶᠢᠭᠡᠮ ᠲᠣᠭᠤᠷᠢᠭ ︵ᠲᠣᠰᠬᠤᠨ︶ ᠳᠠᠰᠢ ᠤᠷᠲᠤᠳᠬᠠᠨ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ ᠢᠶᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠣᠶᠢᠷ᠎ᠠ | ᠬᠠᠪᠢ ᠳᠠᠭᠠᠨ ᠭᠦᠢᠴᠡᠳᠬᠡᠬᠦ᠂ ᠭᠡᠷ ᠤᠨ ᠡᠭᠦᠳᠡᠨ ᠳᠡᠭᠡᠷ᠎ᠡ ᠪᠠᠨ ᠭᠦᠢᠴᠡᠳᠬᠡᠬᠦ︾ ᠪᠣᠯᠭᠠᠪᠠ᠃ | ᠬᠡᠯᠡᠯᠴᠡᠭᠡᠷ ᠢ ᠦᠨᠳᠦᠰᠦᠯᠡᠪᠡᠯ᠂ ᠲᠤᠰ ᠤᠳᠠᠭᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠡᠨ ᠳᠠᠬᠢ ︽ᠵᠠᠰᠠᠭ ᠪᠠᠩᠬᠢ ᠶᠢᠨ ᠬᠠᠮᠲᠤᠷᠠᠯᠴᠠᠭ᠎ᠠ︾ ᠶᠢ ᠡᠬᠢᠨ ᠤ | ᠬᠤᠭᠤᠴᠠᠭᠠᠨ ᠳᠤ ᠪᠠᠩᠬᠢ ᠶᠢᠨ ᠲᠣᠣᠷ ᠴᠡᠭ ᠤᠨ ᠥᠪᠡᠰᠦᠪᠡᠨ ᠦᠢᠯᠡᠴᠢᠯᠡᠬᠦ ᠦᠵᠦᠭᠦᠷ ᠲᠤ ᠣᠷᠣᠭᠤᠯᠬᠤ ᠠᠴᠠ ᠭᠠᠷᠳᠠᠵᠤ᠂ ᠰᠢᠶᠠᠩ ᠪᠠᠯᠭᠠᠰᠤ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ︵ᠲᠣᠰᠬᠤᠨ︶ ᠲᠡᠰᠢ ᠠᠯᠬᠤᠮ ᠠᠯᠬᠤᠮ ᠢᠶᠠᠷ ᠤᠷᠲᠤᠳᠬᠠᠵᠤ᠂ 2023 ᠣᠨ ᠳᠤ ᠪᠠᠩᠬᠢ ᠶᠢᠨ ᠲᠣᠣᠷ ᠴᠡᠭ ᠪᠠ ᠨᠡᠶᠢᠭᠡᠮ ᠲᠣᠭᠤᠷᠢᠭ ︵ᠲᠣᠰᠬᠤᠨ︶ ᠲᠤ | ᠲᠣᠬᠢᠷᠠᠭᠤᠯᠬᠤ ᠪᠦᠬᠦ ᠲᠤᠭ᠎ᠠ ᠶᠢ 200 ᠠᠴᠠ ᠳᠣᠣᠷ᠎ᠠ ᠦᠭᠡᠢ ᠪᠠᠶᠢᠯᠭᠠᠵᠤ᠂ ᠲᠠᠪᠤᠨ ᠵᠢᠯ ᠤᠨ ᠳᠣᠲᠣᠷ᠎ᠠ ᠪᠦᠬᠦ ᠬᠤᠲᠠ ᠶᠢᠨ 1315 ᠨᠡᠶᠢᠭᠡᠮ ᠲᠣᠭᠤᠷᠢᠭ ︵ᠲᠣᠰᠬᠤᠨ︶ ᠪᠠ | 257 ᠪᠠᠩᠬᠢ ᠶᠢᠨ ᠲᠣᠣᠷ ᠴᠡᠭ ᠢ ᠦᠨᠳᠦᠰᠦᠨ ᠳᠡᠭᠡᠨ ᠪᠦᠬᠦᠨ ᠢ ᠪᠦᠷᠬᠦᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠪᠠ ᠤᠯᠠᠨ ᠲᠦᠮᠡᠨ ᠤ ᠦᠷᠭᠦᠯᠵᠢ ᠭᠦᠢᠴᠡᠳᠬᠡᠳᠡᠭ | ᠥᠨᠳᠥᠷ ᠳᠠᠪᠲᠠᠮᠵᠢᠲᠤ ᠵᠦᠢᠯᠡᠰ ᠢ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠬᠢ ᠲᠠᠢ ᠭᠦᠨᠵᠡᠭᠡᠢ ᠠᠭᠤᠰᠤᠯᠴᠠᠭᠤᠯᠬᠤ ᠶᠢ ᠲᠦᠷᠭᠡᠳᠬᠡᠵᠦ᠂ ︽15 | ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠭᠤᠷᠢᠭ︾ ᠢ ᠠᠩᠬ᠎ᠠ ᠠᠯᠬᠤᠮ ᠪᠠᠶᠢᠭᠤᠯᠤᠨ᠎ᠠ᠃ ︵ᠯᠢ ᠬᠠᠢ ᠵᠧᠨ︶ |