︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 11 ᠤ ᠡᠳᠦᠷ᠂ ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ | ᠵᠢᠩᠬᠢᠨᠢ ᠪᠠᠷ ᠪᠠᠶᠢᠭᠤᠯᠤᠭᠳᠠᠪᠠ᠃ | ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠰᠡᠷᠭᠡᠶᠢᠯᠡᠯᠲᠡ ᠶᠢᠨ ᠲᠣᠭᠤᠷᠢᠭ ᠤᠨ ᠺᠤᠮᠠᠨᠳᠠᠯᠠᠭᠴᠢ ᠰᠧ ᠰᠢᠶᠣᠣ ᠶᠠᠩ᠂ ᠬᠤᠳᠠ ᠶᠢᠨ | ᠳᠡᠳ᠋ ᠳᠠᠷᠤᠭ᠎ᠠ ᠮᠠ ᠪᠢᠩ ᠴᠢᠤᠸᠠᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ | ᠬᠥᠬᠡᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠫᠠᠶᠢᠰᠠ ᠡᠯᠭᠦᠭᠰᠡᠨ ᠨᠢ ᠲᠣᠰ ᠬᠤᠲᠠ ᠶᠢᠨ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ ᠢᠶᠠᠷ ᠰᠠᠭᠤᠷᠢ ᠪᠣᠯᠭᠠᠵᠤ ᠪᠠᠶᠢᠭᠤᠯᠤᠭᠰᠠᠨ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠵᠢᠩᠬᠢᠨᠢ ᠪᠠᠷ | ᠪᠠᠶᠢᠭᠤᠯᠤᠭᠳᠠᠭᠰᠠᠨ ᠢ ᠬᠠᠷᠠᠭᠤᠯᠵᠤ ᠪᠠᠶᠢᠨ᠎ᠠ᠃ ᠡᠨᠡ ᠪᠣᠯ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠲᠠᠯᠳᠠ ᠬᠦᠴᠦᠨ ᠢ ᠨᠡᠮᠡᠭᠳᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠲᠣᠰ ᠤᠳᠠᠭᠠᠨ ᠤ ᠥᠭᠡᠷᠡᠴᠢᠯᠡᠯᠲᠡ ᠪᠠᠷ ᠳᠠᠮᠵᠢᠭᠤᠯᠤᠨ᠂ ᠴᠡᠷᠢᠭ ᠠᠩᠭᠢ ᠪᠠ ᠣᠷᠣᠨ ᠨᠤᠲᠤᠭ ᠤᠨ ᠬᠠᠷᠢᠴᠠᠭ᠎ᠠ ᠶᠢ ᠤᠯᠠᠮ | ᠨᠢᠭᠡ ᠠᠯᠬᠤᠮ ᠰᠢᠯᠤᠭᠤᠳᠬᠠᠵᠤ᠂ ᠪᠠᠶᠢᠭᠤᠯᠤᠯ ᠲᠣᠭᠲᠠᠴᠠ ᠶᠢᠨ ᠬᠡᠮ ᠰᠣᠭᠤᠭ ᠢ ᠠᠷᠢᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠣᠳᠣᠬᠢᠴᠢᠯᠠᠭᠰᠠᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ᠃ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠰᠢᠨ᠎ᠡ | ᠭᠠᠷᠤᠭᠠᠨ ᠠᠴᠠ ᠴᠡᠷᠢᠭ ᠠᠩᠭᠢ ᠪᠠ ᠣᠷᠣᠨ ᠨᠤᠲᠤᠭ ᠤᠨ ᠡᠶ᠎ᠡ ᠵᠣᠬᠢᠴᠠᠯ ᠲᠠᠢ᠂ ᠡᠩ ᠤᠨ ᠦᠶ᠎ᠡ ᠪᠠ ᠲᠡᠶᠢᠨ ᠤ ᠦᠶ᠎ᠡ ᠶᠢ ᠨᠢᠭᠡ ᠴᠣᠭᠴᠠᠵᠢᠭᠤᠯᠤᠭᠰᠠᠨ᠂ ᠰᠠᠭᠠᠳ ᠦᠭᠡᠢ | ᠥᠨᠳᠥᠷ ᠪᠦᠲᠦᠮᠵᠢᠲᠡᠶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠰᠢᠰᠲ᠋ᠧᠮ ᠢ ᠪᠦᠷᠢᠯᠳᠦᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠤᠨ ᠰᠢᠨ᠎ᠡ ᠬᠥᠭᠵᠢᠯᠲᠡ ᠶᠢ ᠪᠡᠶᠡᠯᠡᠭᠦᠯᠬᠦ | ᠪᠣᠯᠣᠨ᠎ᠠ᠃ | ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠪᠥᠬᠦ ᠺᠠᠳ᠋ᠷ | ᠠᠵᠢᠯᠲᠠᠨ ᠠᠵᠢᠯᠴᠢᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠪᠠ᠃ |