2022 ᠣᠨ ᠳᠤ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠲᠡ 231313.78 ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2023/1/13
      ︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠬᠠᠨ ᠮᠢᠨ︶ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠨᠡᠶᠢᠲᠡ 231313.78 ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠲᠠᠷᠬᠠᠭᠠᠪᠠ᠂ ᠡᠭᠦᠨ ᠳᠤ᠂ ᠲᠠᠷᠢᠶᠠᠴᠢᠳ ᠤᠨ ᠨᠥᠬᠦᠪᠦᠷᠢ ᠪᠡᠯᠡ ᠮᠥᠩᠭᠦ 213310.53 ᠲᠦᠮᠡᠨ ᠲᠥᠭᠦᠷᠢᠭ᠂ 92.22% ᠢ ᠡᠵᠡᠯᠡᠪᠡ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠦᠷᠢ ᠪᠡᠯᠡ ᠮᠥᠩᠭᠦ 18003.25 ᠲᠦᠮᠡᠨ ᠲᠥᠭᠦᠷᠢᠭ᠂ 7.78% ᠶᠢ ᠡᠵᠡᠯᠡᠪᠡ᠃ ᠪᠦᠬᠦ ᠬᠤᠳᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢ ᠬᠠᠮᠤᠷᠴᠤ᠂ 465.68 ᠲᠦᠮᠡᠨ ᠬᠥᠮᠥᠨ ᠤᠳᠠᠭ᠎ᠠ ᠲᠠᠷᠬᠠᠭᠠᠪᠠ᠃      2022 ᠣᠨ ᠳᠤ᠂ ᠮᠠᠨ ᠤ ᠬᠤᠲᠠ ︽ᠪᠦᠬᠦᠨ ᠳᠤ ᠲᠣᠬᠢᠷᠠᠬᠤ ᠺᠠᠷᠲ︾ ᠢᠶᠠᠷ ᠲᠠᠷᠬᠠᠭᠠᠭᠰᠠᠨ ᠪᠡᠯᠡ ᠮᠥᠩᠭᠦ ᠶᠢᠨ ᠨᠥᠬᠦᠪᠦᠷᠢ ᠶᠢᠨ ᠲᠥᠷᠥᠯ ᠵᠦᠢᠯ ᠢ ᠨᠡᠶᠢᠲᠡ 9 ᠬᠦᠷᠢᠶ᠎ᠡ ᠴᠠᠷᠠᠭ᠎ᠠ ᠶᠢᠨ 61 ᠲᠥᠷᠥᠯ ᠤᠨ 76 ᠵᠦᠢᠯ ᠳᠤ ᠬᠤᠯᠪᠣᠭᠳᠠᠵᠤ᠂ ᠡᠭᠦᠨ ᠳᠤ ᠲᠠᠷᠬᠠᠭᠠᠭᠰᠠᠨ ᠵᠣᠭᠤᠰ ᠤᠨ ᠲᠤᠭ᠎ᠠ ᠶᠢᠨ ᠬᠠᠷᠢᠴᠠᠯ ᠢᠶᠠᠷ ᠨᠡᠯᠢᠶᠡᠳ ᠥᠨᠳᠥᠷ ᠨᠢ ᠭᠤᠣᠯᠳᠠᠭᠤ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠲᠠᠷᠢᠶᠠᠯᠠᠩ ᠮᠠᠯ ᠠᠵᠤ ᠠᠬᠤᠢ ᠶᠢᠨ ᠲᠥᠷᠥᠯ᠂ ᠴᠠᠯᠢᠩ ᠤᠨ ᠨᠥᠬᠦᠪᠦᠷᠢ ᠶᠢᠨ ᠲᠥᠷᠥᠯ᠂ ᠣᠶ ᠰᠢᠭᠤᠢ ᠶᠢᠨ ᠲᠥᠷᠥᠯ᠂ ᠡᠷᠡᠭᠦᠯ ᠬᠠᠮᠠᠭᠠᠯᠠᠯ ᠤᠨ ᠲᠥᠷᠥᠯ ᠵᠡᠷᠭᠡ ᠲᠠᠪᠤᠨ ᠶᠡᠭᠡ ᠠᠷᠠᠳ ᠤᠨ ᠠᠮᠢᠳᠤᠷᠠᠯ ᠤᠨ ᠲᠥᠷᠥᠯ ᠤᠨ ᠨᠥᠬᠦᠪᠦᠷᠢ ᠪᠡᠯᠡ ᠮᠥᠩᠭᠦ ᠪᠣᠯᠣᠨ᠎ᠠ᠃2022 ᠣᠨ ᠳᠤ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 123597.49 ᠲᠦᠮᠡᠨ ᠲᠥᠭᠦᠷᠢᠭ ᠲᠠᠷᠬᠠᠭᠠᠵᠤ᠂ 53.43% ᠶᠢ ᠡᠵᠡᠯᠡᠪᠡ︔ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 73619 ᠲᠦᠮᠡᠨ ᠲᠥᠭᠦᠷᠢᠭ ᠲᠠᠷᠬᠠᠭᠠᠵᠤ᠂ 31.83% ᠶᠢ ᠡᠵᠡᠯᠡᠪᠡ︔ ᠴᠠᠯᠢᠩ ᠤᠨ ᠨᠥᠬᠦᠪᠦᠷᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 19216.01 ᠲᠦᠮᠡᠨ ᠲᠥᠭᠦᠷᠢᠭ ᠲᠠᠷᠬᠠᠭᠠᠵᠤ᠂ 8.31% ᠶᠢ ᠡᠵᠡᠯᠡᠪᠡ︔ ᠣᠶ ᠰᠢᠭᠤᠢ ᠶᠢᠨ ᠲᠥᠷᠥᠯ ᠤᠨ ᠨᠥᠬᠦᠪᠦᠷᠢ ᠪᠡᠯᠡ ᠮᠥᠩᠭᠦ 8831.25 ᠲᠦᠮᠡᠨ ᠲᠥᠭᠦᠷᠢᠭ ᠲᠠᠷᠬᠠᠭᠠᠵᠤ᠂ 3.82% ᠢ ᠡᠵᠡᠯᠡᠪᠡ︔ ᠡᠷᠡᠭᠦᠯ ᠬᠠᠮᠠᠭᠠᠯᠠᠯ ᠤᠨ ᠲᠥᠷᠥᠯ ᠤᠨ ᠨᠥᠬᠦᠪᠦᠷᠢ ᠪᠡᠯᠡ ᠮᠥᠩᠭᠦ 3874.46 ᠲᠦᠮᠡᠨ ᠲᠥᠭᠦᠷᠢᠭ ᠲᠠᠷᠬᠠᠭᠠᠵᠤ᠂ 1.67% ᠶᠢ ᠡᠵᠡᠯᠡᠪᠡ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ