ᠪᠡᠶ᠎ᠡ ᠲᠠᠮᠢᠷ ᠤᠨ ᠬᠦᠴᠦᠷᠭᠡᠭ ᠤᠯᠤᠰ ᠢ ᠲᠦᠷᠭᠡᠪᠴᠢᠯᠡᠨ ᠪᠠᠶᠢᠭᠤᠯᠵᠤ᠂ ᠬᠦᠬᠡᠬᠤᠲᠠ ᠲᠡᠷᠡᠴᠢᠯᠡᠨ ᠦᠪᠦᠷ ᠮᠣᠩᠭᠤᠯ ᠣᠷᠣᠨ ᠤ ᠮᠦᠰᠦ ᠴᠠᠰᠤᠨ ᠤ ᠬᠦᠳᠡᠯᠭᠡᠭᠡᠨ ᠤ | ᠲᠦᠷᠦᠯ ᠲᠡᠮᠳᠡᠭ ᠢ ᠴᠤᠭᠴᠠᠯᠠᠵᠤ᠂ ︽ᠵᠠᠭᠤᠨ ᠲᠦᠮᠡᠨ ᠵᠠᠯᠠᠭᠤᠴᠤᠳ ᠪᠠᠭᠠᠴᠤᠳ ᠮᠦᠰᠦ ᠴᠠᠰᠤᠨ ᠳᠡᠭᠡᠷ᠎ᠡ ᠭᠠᠷᠬᠤ︾ ᠶᠢ ᠠᠬᠢᠭᠤᠯᠵᠤ᠂ ᠡᠪᠦᠯ ᠤᠨ ᠤᠯᠠᠷᠢᠯ ᠤᠨ | ᠬᠦᠳᠡᠯᠭᠡᠭᠡᠨ ᠤ ᠲᠦᠷᠦᠯ ᠵᠦᠢᠯ ᠤᠨ ᠬᠠᠩᠭᠠᠯᠭ᠎ᠠ ᠶᠢ ᠨᠡᠮᠡᠭᠳᠡᠭᠦᠯᠦᠨ᠂ ᠤᠯᠠᠨ ᠲᠦᠮᠡᠨ ᠤ ᠡᠪᠦᠯ ᠤᠨ ᠤᠯᠠᠷᠢᠯ ᠤᠨ ᠬᠦᠳᠡᠯᠭᠡᠭᠡᠨ ᠤ ᠬᠡᠷᠡᠭᠴᠡᠭᠡ ᠶᠢ ᠬᠦᠭᠵᠢᠭᠡᠬᠦ ᠶᠢᠨ ᠲᠦᠯᠦᠭᠡ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠭᠤᠣᠯᠯᠠᠨ ᠡᠷᠬᠢᠯᠡᠵᠦ᠂ ᠬᠤᠲᠠ ᠶᠢᠨ ᠪᠡᠶ᠎ᠡ ᠲᠠᠮᠢᠷ ᠤᠨ ᠲᠣᠪᠴᠢᠶ᠎ᠠ ᠲᠠᠭᠠᠭᠠᠴᠢᠯᠠᠨ ᠡᠷᠬᠢᠯᠡᠵᠦ᠂ ᠬᠤᠯᠪᠤᠭᠳᠠᠯ | ᠪᠦᠬᠦᠢ ᠨᠢᠭᠡᠴᠡ ᠬᠠᠮᠵᠢᠯᠴᠠᠨ ᠡᠷᠬᠢᠯᠡᠭᠰᠡᠨ ︽ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠲᠡ ᠶᠢᠨ ᠮᠦᠰᠦ ᠴᠠᠰᠤᠨ ᠤ ᠤᠯᠠᠷᠢᠯ︾ ᠬᠦᠬᠡᠬᠤᠲᠠ ᠶᠢᠨ | ᠭᠤᠷᠪᠠᠳᠤᠭᠠᠷ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ ᠵᠢᠴᠢ ᠪᠦᠬᠦ ᠬᠤᠲᠠ ᠶᠢᠨ ᠺᠠᠳ᠋ᠷ ᠠᠵᠢᠯᠲᠠᠳ ᠤᠨ ᠮᠦᠰᠦ | ᠴᠠᠰᠤᠨ ᠤ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠤᠯᠠᠯ 1ᠳ᠋ᠤᠭᠡᠷ ᠰᠠᠷ᠎ᠠ ᠶᠢᠨ 13 ᠤ ᠡᠳᠦᠷ ᠷᠦ ᠢ ᠭᠤᠣᠯ ᠤᠨ ᠵᠡᠭᠦᠨ ᠭᠤᠣᠯ ᠤᠨ ᠬᠡᠰᠡᠭ ᠲᠤ ᠶᠠᠪᠤᠭᠳᠠᠪᠠ᠃ | ᠲᠤᠰ ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠶᠢᠨ ᠮᠦᠰᠦ ᠴᠠᠰᠤᠨ ᠤ ᠲᠠᠯᠠᠪᠠᠢ19 ᠲᠦᠮᠡᠨ ᠲᠡᠭᠰᠢ ᠳᠦᠷᠪᠡᠯᠵᠢᠨ ᠮᠧᠲᠷ ᠬᠦᠷᠴᠦ᠂ ᠨᠡᠶᠢᠲᠡ17 | ᠲᠦᠷᠦᠯ ᠤᠨ ᠮᠦᠰᠦ ᠴᠠᠰᠤᠨ ᠤ ᠨᠠᠭᠠᠳᠤᠮ ᠤ ᠲᠦᠷᠦᠯ ᠵᠦᠢᠯ ᠢ ᠲᠣᠬᠢᠷᠠᠭᠤᠯᠵᠤ᠂ ᠨᠢᠭᠡ ᠤᠳᠠᠭ᠎ᠠ ᠳᠤ 8000 ᠬᠦᠮᠦᠨ ᠢ ᠬᠦᠯᠢᠶᠡᠨ ᠠᠪᠴᠤ ᠪᠣᠯᠤᠨ᠎ᠠ᠃ ᠲᠤᠰ | ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠨᠢ ᠭᠤᠣᠯᠳᠠᠭᠤ 8 ᠶᠡᠭᠡ ᠮᠦᠰᠦ ᠴᠠᠰᠤᠨ ᠤ ᠲᠦᠷᠦᠯ ᠵᠦᠢᠯ ᠢ ᠪᠡᠶᠡᠴᠢᠯᠡᠨ ᠣᠶᠢᠯᠠᠭᠠᠬᠤ ᠬᠦᠳᠡᠯᠭᠡᠭᠡᠨ ᠢ | ᠪᠠᠭᠲᠠᠭᠠᠵᠤ᠂ ᠲᠤᠰᠪᠦᠷᠢ ︽ᠶᠢᠰᠦᠳᠦᠭᠡᠷ ᠬᠤᠭᠤᠴᠠᠭᠠᠨ ᠤ ᠪᠦᠬᠦ ᠤᠯᠤᠰ ᠤᠨ ᠤᠯᠠᠨ ᠨᠡᠶᠢᠲᠡ ᠶᠢᠨ ᠮᠦᠰᠦ ᠴᠠᠰᠤᠨ ᠤ ᠤᠯᠠᠷᠢᠯ︾ ᠬᠦᠬᠡᠬᠤᠲᠠ ᠶᠢᠨ ᠭᠤᠷᠪᠠᠳᠤᠭᠠᠷ | ᠬᠤᠭᠤᠴᠠᠭᠠᠨ ᠤ ᠮᠦᠰᠦ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢᠨ ᠡᠬᠢᠯᠡᠯᠲᠡ ᠶᠢᠨ ᠶᠣᠰᠤᠯᠠᠯ᠂ ᠪᠦᠬᠦ ᠬᠤᠲᠠ ᠶᠢᠨ ᠺᠠᠳ᠋ᠷ ᠠᠵᠢᠯᠲᠠᠳ ᠤᠨ ᠮᠦᠰᠦ ᠴᠠᠰᠤᠨ ᠤ ᠲᠠᠮᠢᠷ ᠤᠨ | ᠴᠤᠭᠯᠠᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠴᠠᠰᠤᠨ ᠳᠡᠭᠡᠷᠡᠬᠢ ᠬᠥᠯ ᠪᠦᠮᠪᠦᠭᠡ ᠶᠢᠨ ᠢᠯᠡ ᠤᠷᠤᠯᠳᠤᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠮᠦᠰᠦᠨ ᠪᠦᠮᠪᠦᠭᠡ | ᠶᠢᠨ ᠢᠯᠡ ᠤᠷᠤᠯᠳᠤᠭᠠᠨ᠂ ᠬᠦᠬᠡᠬᠤᠲᠠ ᠶᠢᠨ ᠵᠠᠯᠠᠭᠤᠴᠤᠳ ᠪᠠᠭᠠᠴᠤᠳ ᠤᠨ ᠮᠦᠰᠦᠨ ᠪᠦᠮᠪᠦᠭᠡ ᠶᠢᠨ ᠢᠯᠡ ᠤᠷᠤᠯᠳᠤᠭᠠᠨ᠂ ᠬᠦᠬᠡᠬᠤᠲᠠ ᠶᠢᠨ ᠤᠯᠠᠨ ᠨᠡᠶᠢᠲᠡ ᠶᠢᠨ ᠬᠤᠷᠳᠤ | ᠰᠢᠯᠭᠠᠬᠤ ᠮᠦᠰᠦᠨ ᠳᠤ ᠲᠡᠰᠢᠬᠦ ᠢᠯᠡ ᠤᠷᠤᠯᠳᠤᠭᠠᠨ᠂ ᠬᠦᠬᠡᠬᠤᠲᠠ ᠶᠢᠨ ᠵᠠᠯᠠᠭᠤᠴᠤᠳ ᠪᠠᠭᠠᠴᠤᠳ ᠤᠨ ᠬᠤᠷᠳᠤ ᠰᠢᠯᠭᠠᠬᠤ ᠮᠦᠰᠦᠨ ᠳᠤ ᠲᠡᠰᠢᠬᠦ ᠢᠯᠡ ᠤᠷᠤᠯᠳᠤᠭᠠᠨ᠂ | ᠬᠦᠬᠡᠬᠤᠲᠠ ᠶᠢᠨ ᠤᠯᠠᠨ ᠨᠡᠶᠢᠲᠡ ᠶᠢᠨ ᠴᠠᠰᠤᠨ ᠳᠡᠭᠡᠷᠡᠬᠢ ᠵᠦᠭᠡᠯᠡᠨ ᠮᠠᠶ᠋ᠢᠭ ᠤᠨ ᠪᠣᠶᠢᠺᠤ ᠪᠦᠮᠪᠦᠭᠡᠨ ᠤ ᠢᠯᠡ ᠤᠷᠤᠯᠳᠤᠭᠠᠨ ᠪᠣᠯᠤᠨ᠎ᠠ᠃ | ᠮᠦᠰᠦ ᠴᠠᠰᠤᠨ ᠤ ᠤᠯᠠᠷᠢᠯ ᠤᠨ ᠠᠵᠢᠯᠯᠠᠭ᠎ᠠ ᠳᠤ ᠪᠦᠬᠦ ᠬᠤᠲᠠ ᠶᠢᠨ ᠪᠠᠶᠢᠭᠤᠯᠭ᠎ᠠ ᠨᠢᠭᠡᠴᠡ ᠶᠢᠨ ᠠᠵᠢᠯᠲᠠᠨ ᠲᠦᠷᠦᠭᠦᠯᠡᠨ ᠣᠷᠤᠯᠴᠠᠵᠤ᠂ ᠥᠷᠭᠡᠨ ᠣᠯᠠᠨ ᠺᠠᠳ᠋ᠷ | ᠠᠵᠢᠯᠲᠠᠨ ᠳᠤ ᠪᠡᠶ᠎ᠡ ᠪᠠᠨ ᠪᠣᠯᠪᠠᠰᠤᠷᠠᠭᠤᠯᠵᠤ ᠪᠡᠶ᠎ᠡ ᠪᠠᠨ ᠴᠢᠬᠢᠷᠠᠭᠵᠢᠭᠤᠯᠬᠤ᠂ ᠶᠠᠪᠤᠯᠴᠠᠭ᠎ᠠ ᠰᠣᠯᠢᠯᠴᠠᠭ᠎ᠠ ᠪᠠᠨ ᠨᠡᠮᠡᠭᠳᠡᠭᠦᠯᠬᠦ ᠰᠠᠶᠢᠬᠠᠨ ᠲᠠᠪᠴᠠᠩ ᠢ ᠪᠠᠶᠢᠭᠤᠯᠵᠤ ᠦᠭᠭᠦᠭᠰᠡᠨ | ᠪᠠᠶᠢᠨ᠎ᠠ᠃ ᠠᠵᠢᠯᠯᠠᠭ᠎ᠠ ᠨᠢ ᠨᠡᠩ ᠤᠯᠠᠨ ᠬᠦᠮᠦᠰ ᠤᠨ ᠮᠦᠰᠦ ᠴᠠᠰᠤᠨ ᠤ ᠬᠦᠳᠡᠯᠭᠡᠭᠡᠨ ᠳᠤ ᠣᠷᠤᠯᠴᠠᠬᠤ ᠶᠢ ᠵᠣᠷᠢᠭᠵᠢᠭᠤᠯᠵᠤ᠂ ᠰᠣᠨᠢᠷᠬᠠᠯ ᠢ ᠨᠢ ᠲᠠᠲᠠᠵᠤ᠂ ᠬᠦᠬᠡᠬᠤᠲᠠ ᠶᠢᠨ | ᠪᠦᠬᠦ ᠠᠷᠠᠳ ᠤᠨ ᠮᠦᠰᠦ ᠴᠠᠰᠤᠨ ᠤ ᠬᠦᠳᠡᠯᠭᠡᠭᠡᠨ ᠳᠤ ᠣᠷᠤᠯᠴᠠᠬᠤ ᠤᠷᠮ᠎ᠠ ᠪᠠᠬ᠎ᠠ ᠶᠢ ᠬᠦᠭᠵᠢᠭᠡᠬᠦ ᠪᠣᠯᠤᠨ᠎ᠠ᠃ ᠣᠷᠣᠨ ᠤ ᠲᠥᠪ ᠤᠨ ᠮᠦᠰᠦ ᠴᠠᠰᠤᠨ ᠤ ᠮᠦᠳᠡᠯᠭᠡᠭᠡᠨ ᠤ | ᠦᠷᠭᠦᠯᠵᠢᠯᠡᠨ ᠬᠦᠭᠵᠢᠬᠦ ᠶᠢ ᠲᠦᠯᠬᠢᠨ ᠠᠬᠢᠭᠤᠯᠵᠤ᠂ ᠮᠠᠨ ᠤ ᠬᠤᠲᠠ ᠶᠢᠨ ᠮᠦᠰᠦ ᠴᠠᠰᠤᠨ ᠤ ᠪᠦᠲᠦᠭᠡᠭᠳᠡᠭᠦᠨ ᠢ ᠰᠣᠳᠤᠯᠤᠨ ᠨᠡᠭᠡᠭᠡᠵᠦ ᠪᠣᠷᠤᠯᠠᠭᠤᠯᠬᠤ ᠵᠢᠴᠢ ᠬᠤᠯᠪᠤᠭᠳᠠᠯ | ᠪᠦᠬᠦᠢ ᠪᠣᠯᠪᠠᠰᠤᠷᠠᠭᠤᠯᠤᠯ ᠤᠨ ᠠᠵᠢᠯ ᠲᠦᠷᠦᠯ ᠤᠨ ᠬᠦᠭᠵᠢᠯᠲᠡ ᠶᠢ ᠳᠠᠶᠢᠴᠢᠯᠠᠵᠤ᠂ ᠮᠦᠰᠦ ᠴᠠᠰᠤᠨ ᠤ ᠬᠡᠷᠡᠭᠯᠡᠭᠡ ᠶᠢ ᠠᠬᠢᠭᠤᠯᠬᠤ ᠪᠣᠯᠤᠨ᠎ᠠ᠃ |