1 ᠳ᠋ᠤᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠣᠷᠣᠯᠴᠠᠭᠰᠠᠨ ᠬᠦᠬᠡᠬᠤᠲᠠ ᠶᠢᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ | ᠵᠡᠷᠭᠡ ᠶᠢᠨ ᠰᠢᠬᠦᠬᠦ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠪᠡ᠃ | ᠲᠦᠯᠦᠭᠡᠯᠡᠭᠴᠢᠳ᠂ ᠥᠩᠭᠡᠷᠡᠭᠰᠡᠨ ᠲᠠᠪᠤᠨ ᠵᠢᠯ ᠳᠤ᠂ ᠪᠦᠬᠦ ᠣᠷᠣᠨ ᠤ ᠡᠯ᠎ᠡ ᠱᠠᠲᠤᠨ ᠤ ᠰᠢᠬᠦᠬᠦ ᠬᠤᠷᠢᠶᠠᠨ ᠤ ᠬᠠᠤᠯᠢ ᠴᠠᠭᠠᠵᠠ ᠪᠠᠷ ᠣᠯᠠᠨ ᠲᠦᠮᠡᠨ ᠳᠤ ᠦᠢᠯᠡᠴᠢᠯᠡᠬᠦ | ᠠᠷᠭ᠎ᠠ ᠬᠡᠮᠵᠢᠶ᠎ᠡ ᠲᠠᠰᠤᠷᠠᠯᠲᠠ ᠦᠭᠡᠢ ᠲᠡᠭᠦᠯᠳᠡᠷᠵᠢᠵᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠥᠷᠬᠦᠯᠵᠢᠯᠡᠨ ᠰᠠᠶᠢᠵᠢᠷᠠᠵᠤ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠳᠤ ᠦᠢᠯᠡᠴᠢᠯᠡᠵᠦ ᠪᠠᠲᠤᠯᠠᠭ᠎ᠠ ᠬᠠᠩᠭᠠᠭᠰᠠᠨ ᠦᠷ᠎ᠡ ᠪᠦᠲᠦᠮᠵᠢ ᠢᠯᠡᠷᠬᠡᠢ᠃ ᠪᠦᠬᠦ ᠣᠷᠣᠨ ᠤ ᠪᠠᠶᠢᠴᠠᠭᠠᠬᠤ ᠠᠵᠢᠯ | ᠪᠠᠶᠢᠴᠠᠭᠠᠬᠤ ᠣᠨᠤᠯᠵᠢᠬᠤᠨ ᠤ ᠦᠭᠡᠷᠡᠴᠢᠯᠡᠯᠲᠡ᠂ ᠡᠭᠦᠷᠭᠡ ᠴᠢᠳᠠᠪᠤᠷᠢ ᠶᠢᠨ ᠰᠢᠰᠲ᠋ᠧᠮᠵᠢ ᠶᠢ ᠲᠠᠬᠢᠨ ᠪᠣᠢ ᠪᠣᠯᠭᠠᠬᠤ᠂ ᠲᠤᠳᠤᠭᠠᠳᠤ ᠶᠢᠨ ᠪᠠᠶᠢᠭᠤᠯᠤᠮᠵᠢ ᠶᠢ ᠲᠠᠬᠢᠨ ᠪᠦᠲᠦᠭᠡᠬᠦ | ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ᠂ ᠶᠠᠭ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠱᠠᠲᠤ ᠦᠶ᠎ᠡ ᠲᠡᠶᠢᠰᠢ ᠤᠷᠤᠭᠰᠢᠯᠠᠵᠤ ᠪᠠᠶᠢᠨ᠎ᠠ ᠭᠡᠵᠦ ᠦᠵᠡᠵᠡᠭᠡᠪᠡ᠃ | ᠲᠦᠯᠦᠭᠡᠯᠡᠭᠴᠢᠳ᠂ ᠰᠢᠨ᠎ᠡ ᠨᠢᠭᠡᠨ ᠵᠢᠯ ᠳᠤ᠂ ᠪᠦᠬᠦ ᠣᠷᠣᠨ ᠤ ᠡᠯ᠎ᠡ ᠱᠠᠲᠤᠨ ᠤ ᠰᠢᠭᠦᠬᠦ ᠬᠤᠷᠢᠶ᠎ᠠ ᠰᠢᠭᠦᠨ ᠲᠠᠰᠤᠯᠬᠤ ᠡᠷᠬᠡ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠬᠡᠷᠡᠭ ᠰᠢᠢᠳᠪᠦᠷᠢᠯᠡᠵᠦ ᠠᠵᠢᠯ ᠶᠠᠪᠤᠳᠠᠯ ᠭᠦᠢᠴᠡᠳᠬᠡᠬᠦ ᠴᠣᠪᠤᠷᠠᠯ ᠢ ᠴᠣᠮᠬᠤᠳᠬᠠᠪᠠᠯ ᠵᠣᠬᠢᠨ᠎ᠠ᠃ ᠪᠦᠬᠦ ᠣᠷᠣᠨ ᠤ ᠡᠯ᠎ᠡ ᠱᠠᠳᠤᠨ ᠤ ᠪᠠᠶᠢᠴᠠᠭᠠᠬᠤ | ᠪᠠᠶᠢᠭᠤᠯᠭ᠎ᠠ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠪᠠᠲᠤᠯᠠᠭ᠎ᠠ ᠪᠠ ᠬᠠᠤᠯᠢᠵᠢᠯ ᠤᠨ ᠦᠪᠦᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ | ᠲᠠᠯ᠎ᠠ ᠪᠠᠷ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠦᠭᠵᠢᠯᠲᠡ ᠳᠤ ᠨᠡᠩ ᠬᠦᠴᠦᠲᠡᠢ ᠬᠠᠤᠯᠢ ᠴᠠᠭᠠᠵᠠ ᠶᠢᠨ | ᠪᠠᠲᠤᠯᠠᠭ᠎ᠠ ᠬᠠᠩᠭᠠᠪᠠᠯ ᠵᠣᠬᠢᠨ᠎ᠠ ᠭᠡᠵᠡᠢ᠃ |