ᠬᠤᠷᠢᠨᠭᠡᠷ ᠰᠢᠶᠠᠨ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/17
      1 ᠰᠠᠷ᠎ᠠ ᠶᠢᠨ 16 ᠤ ᠡᠳᠦᠷ᠂ ᠬᠤᠷᠢᠨᠭᠡᠷ ᠰᠢᠶᠠᠨ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠰᠣᠶᠣᠯ ᠤᠨ ᠠᠵᠢᠯᠯᠠᠭ᠎ᠠ ᠶᠢ ᠵᠣᠬᠢᠴᠠᠭᠤᠯᠤᠨ ᠠᠬᠢᠭᠤᠯᠬᠤ ᠬᠤᠷᠠᠯ ᠬᠢᠵᠦ᠂ ᠰᠢᠶᠠᠨ ᠤ ᠳᠡᠳ᠋ ᠳᠠᠷᠤᠭ᠎ᠠ ᠪᠠᠶ ᠬᠤᠤ ᠬᠤᠷᠠᠯ ᠡᠷᠭᠢᠯᠡᠪᠡ᠃
1.17和林格尔县召开春节、元宵节文化活动协调推进会.jpg
      ᠬᠤᠷᠠᠯ ᠠᠴᠠ ︽2023 ᠣᠨ ᠤ ᠬᠤᠷᠢᠨᠭᠡᠷ ᠰᠢᠶᠠᠨ ᠤ ᠴᠠᠭᠠᠨ ᠰᠠᠷ᠎ᠠ ᠶᠢᠨ ᠥᠯᠵᠡᠶᠢᠲᠦ ᠡᠳᠦᠷ ᠤᠨ ᠰᠣᠶᠣᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠰᠣᠨᠣᠰᠤᠨ ᠰᠤᠳᠤᠯᠵᠤ᠂ ᠬᠤᠷᠠᠯ ᠳᠤ ᠣᠷᠣᠯᠴᠠᠭᠰᠠᠨ ᠨᠥᠬᠦᠳ ᠲᠤᠰ ᠲᠥᠰᠦᠯ ᠤᠨ ᠲᠤᠬᠠᠢ ᠭᠦᠨᠵᠡᠭᠡᠢ ᠶᠠᠷᠢᠯᠴᠠᠨ ᠰᠤᠳᠤᠯᠤᠭᠰᠠᠨ ᠪᠥᠭᠡᠳ ᠰᠠᠨᠠᠯ ᠰᠠᠨᠠᠭᠤᠯᠭ᠎ᠠ ᠳᠤᠷᠠᠳᠴᠤ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯᠯᠠᠬᠤ ᠳᠤᠭᠤᠶᠢᠯᠠᠩ ᠲᠤᠰ ᠤᠳᠠᠭ᠎ᠠ ᠶᠢᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠲᠥᠰᠦᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠲᠠ ᠬᠠᠮᠵᠢᠯᠴᠠᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠷᠢᠨ ᠨᠢᠭᠲᠠ ᠠᠵᠢᠯ ᠤᠨ ᠲᠥᠰᠦᠯ ᠪᠣᠯᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠤᠷᠢᠳᠴᠢᠯᠠᠨ ᠲᠣᠭᠲᠠᠭᠠᠬᠤ ᠶᠢᠨ ᠬᠠᠮᠲᠤ ᠡᠯ᠎ᠡ ᠵᠦᠢᠯ ᠤᠨ ᠡᠭᠦᠷᠭᠡ ᠶᠢᠨ ᠠᠵᠢᠯᠯᠠᠭ᠎ᠠ ᠶᠢᠨ ᠠᠵᠢᠯ ᠤᠨ ᠠᠬᠢᠴᠠ ᠶᠢ ᠴᠠᠭ ᠲᠤᠬᠠᠢ ᠳᠤᠨᠢ ᠬᠠᠷᠢᠭᠤ ᠲᠤᠰᠬᠠᠵᠤ᠂ ᠡᠯ᠎ᠡ ᠵᠦᠢᠯ ᠤᠨ ᠠᠵᠢᠯᠯᠠᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ ᠤᠨ ᠠᠵᠢᠯᠯᠠᠭ᠎ᠠ ᠳᠤ ᠠᠷᠠᠳ ᠣᠯᠠᠨ ᠤ ᠬᠠᠶᠢᠷ᠎ᠠ ᠰᠡᠳᠬᠢᠯᠭᠡ ᠪᠠ ᠤᠯᠠᠮᠵᠢᠯᠠᠯᠲᠤ ᠵᠠᠩ ᠳᠠᠳᠬᠠᠯ ᠢ ᠭᠦᠢᠴᠡᠳ ᠬᠦᠨᠳᠦᠳᠬᠡᠵᠦ᠂ ᠡᠯ᠎ᠡ ᠲᠥᠷᠥᠯ ᠤᠨ ᠠᠵᠢᠯᠯᠠᠭ᠎ᠠ ᠳᠤ ᠣᠯᠠᠨ ᠲᠦᠮᠡᠨ ᠲᠠᠢ ᠣᠶᠢᠷᠠᠳᠬᠤ ᠶᠢ ᠪᠠᠷᠢᠮᠲᠠᠯᠠᠨ᠂ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠥᠷᠭᠡᠨ ᠳᠡᠯᠭᠡᠷ ᠴᠢᠨᠠᠷ ᠪᠠ ᠣᠯᠠᠨ ᠲᠦᠮᠡᠨ ᠤ ᠣᠷᠣᠯᠴᠠᠬᠤ ᠴᠢᠨᠠᠷ ᠢ ᠲᠠᠰᠤᠷᠠᠯᠲᠠ ᠥᠬᠡᠶ ᠴᠢᠩᠭᠠᠷᠠᠭᠤᠯᠵᠤ᠂ ᠪᠠᠶᠠᠷ ᠳᠤᠷᠠᠰᠬᠠᠯ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯᠯᠠᠬᠤ ᠳᠤᠭᠤᠶᠢᠯᠠᠩ ᠪᠠᠶᠠᠷ ᠤᠨ ᠡᠳᠦᠷ ᠤᠨ ᠬᠤᠭᠤᠴᠠᠭᠠᠨ ᠳᠠᠬᠢ ᠭᠠᠯ ᠢ ᠰᠡᠷᠭᠡᠶᠢᠯᠡᠬᠦ᠂ ᠬᠤᠯᠠᠭᠠᠶ ᠶᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠶᠤᠯᠭᠦᠶ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠡᠮᠦᠨ᠎ᠡ ᠬᠤᠶᠢᠨ᠎ᠠ ᠬᠤᠯᠪᠣᠭᠳᠠᠭᠰᠠᠨ ᠠᠵᠢᠯᠯᠠᠭᠠᠨ ᠤ ᠲᠠᠯᠠᠪᠤᠷ ᠲᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ᠂ ᠠᠳᠡᠯ ᠤᠨ ᠳᠠᠯᠳᠠ ᠭᠡᠮ ᠢ ᠠᠷᠢᠯᠭᠠᠨ᠂ ᠠᠯᠢᠪᠠ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ᠂ ᠡᠷᠡᠭᠦᠯ ᠪᠣᠯᠪᠠᠰᠤᠨ᠂ ᠠᠮᠤᠷ ᠠᠮᠤᠭᠤᠯᠠᠩ ᠵᠣᠯ ᠵᠢᠷᠭᠠᠯ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠰᠢᠶᠠᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ︵ᠪᠡᠯᠡᠳᠬᠡᠯ ᠳᠤᠭᠤᠶᠢᠯᠠᠩ︶ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ