ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ︵ᠥᠷᠭᠡᠳᠬᠡᠭᠰᠡᠨ︶ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/17
ᠯᠢ ᠵᠢᠶᠦ᠋ᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠦ ᠱᠠ ᠱᠠ ᠳᠠᠳᠤᠯᠭ᠎ᠠ ᠶᠢᠨ ᠰᠤᠷᠪᠤᠯᠵᠢᠯᠠᠭᠴᠢ ᠴᠧᠨ ᠼᠦᠢ ᠵᠢᠶᠧ︶ 1 ᠳ᠋ᠦ᠋ᠭᠡᠷ ᠰᠠᠷ᠎ᠠ ᠶᠢᠨ 16 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭ᠎ᠠ ᠶᠢᠨ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢ ᠵᠢᠶᠦ᠋ᠩ ᠬᠤᠷᠠᠯ ᠢ ᠡᠷᠭᠢᠯᠡᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠵᠤ᠂ ᠨᠠᠮ ᠤᠨ ᠭᠠᠳᠠᠨᠠᠬᠢ ᠳᠡᠳ᠋ ᠲᠡᠷᠢᠭᠦᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠠᠳᠴᠢᠯᠠᠭᠰᠠᠨ ᠠᠮᠢᠳᠤᠷᠠᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠯ ᠤᠨ ᠴᠠᠶᠢᠯᠠᠯᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠪᠤᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ