ᠰᠢᠶᠠᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠠᠷ ᠤᠨ ᠡᠳᠦᠷ ᠠᠴᠠ ᠡᠮᠦᠨᠡᠬᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ ᠢᠳᠡᠭᠡᠨ ᠤ ᠠᠮᠤᠷ ᠲᠦᠪᠰᠢᠨ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠪᠠ
ᠨᠡᠶᠢᠲᠡᠯᠡᠭᠰᠡᠨ ᠴᠠᠭ᠄
2023/1/18
      ᠮᠠᠨ ᠤ ᠰᠢᠶᠠᠨ ᠤ ᠣᠯᠠᠨ ᠲᠦᠮᠡᠨ ᠤ ᠴᠠᠭᠠᠨ ᠰᠠᠷ᠎ᠠ ᠶᠢᠨ ᠪᠠᠷᠠᠭ᠎ᠠ ᠪᠠᠨ ᠨᠥᠭᠡᠴᠡᠯᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠵᠤ᠂ ᠣᠯᠠᠨ ᠲᠦᠮᠡᠨ ᠤ ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠬᠦ ᠶᠢ ᠪᠠᠲᠤᠯᠠᠬᠤ ᠶᠢᠨ ᠲᠤᠰᠠᠳᠠ᠂ ᠣᠶᠢᠷ᠎ᠠ ᠶᠢᠨ ᠡᠳᠦᠷ ᠤᠳ ᠲᠤ᠂ ᠬᠤᠷᠢᠨᠭᠡᠷ ᠰᠢᠶᠠᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠠᠭᠠᠨ ᠰᠠᠷ᠎ᠠ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠪᠠ ᠦᠨ᠎ᠡ ᠬᠠᠩᠰᠢ ᠶᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠪᠠ᠃      ᠪᠠᠶᠢᠴᠠᠭᠠᠯᠲᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠪᠠᠶᠠᠷ ᠳᠤᠷᠠᠰᠬᠠᠯ ᠤᠨ ᠡᠳᠦᠷ ᠤᠨ ᠬᠡᠷᠡᠭᠯᠡᠭᠡᠨ ᠤ ᠬᠠᠯᠠᠮᠰᠢᠯ ᠢᠳᠡᠭᠡᠨ᠂ ᠪᠠᠶᠠᠷ ᠤᠨ ᠡᠳᠦᠷ ᠤᠨ ᠪᠡᠯᠡᠭ ᠤᠨ ᠬᠠᠶᠢᠷᠴᠠᠭ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠶᠠᠰᠤ ᠴᠢᠨᠠᠷ ᠤᠨ ᠠᠶᠤᠯ ᠦᠭᠡᠶ᠂ ᠴᠢᠨᠠᠷ ᠢ ᠪᠠᠲᠤᠯᠠᠬᠤ ᠬᠤᠭᠤᠴᠠᠭ᠎ᠠ᠂ ᠪᠣᠷᠣᠯᠠᠭᠤᠯᠤᠯᠲᠠ ᠶᠢᠨ ᠦᠨ᠎ᠡ᠂ ᠠᠵᠢᠯᠲᠠᠨ ᠤ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠪᠠᠶᠢᠳᠠᠯ ᠳᠤ ᠪᠠᠶᠢᠴᠠᠭᠠᠯᠲᠠ ᠬᠢᠪᠡ᠃ ᠡᠵᠡᠩᠨᠡᠭᠴᠢᠳ ᠢ ᠱᠠᠭᠠᠷᠳᠠᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠭᠦᠯᠵᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠡᠬᠡ ᠲᠠᠩᠰᠠ ᠶᠢ ᠲᠡᠮᠳᠡᠭᠯᠡᠬᠦ᠂ ᠠᠮᠤᠷ ᠲᠦᠪᠰᠢᠨ ᠢᠶᠠᠷ ᠬᠠᠳᠠᠭᠠᠯᠠᠬᠤ᠂ ᠬᠥᠮᠥᠷᠭᠡ ᠠᠴᠠ ᠣᠷᠣᠭᠤᠯᠵᠤ ᠭᠠᠷᠭᠠᠬᠤ ᠶᠢ ᠬᠠᠮᠢᠶᠠᠷᠬᠤ ᠵᠡᠷᠭᠡ ᠪᠣᠭᠤᠮᠲᠠ ᠶᠢ ᠴᠢᠩᠭ᠎ᠠ ᠠᠳᠬᠤᠵᠤ᠂ ᠬᠤᠭᠤᠴᠠᠭ᠎ᠠ ᠨᠢ ᠥᠩᠭᠡᠷᠡᠭᠰᠡᠨ᠂ ᠢᠯᠵᠢᠷᠡᠵᠦ ᠴᠢᠨᠠᠷ ᠬᠤᠪᠢᠷᠬᠠᠰᠠᠨ ᠪᠠ ︽ᠭᠤᠷᠪᠠ ᠥᠬᠡᠶ︾ ᠢᠳᠡᠭᠡᠨ ᠵᠡᠷᠭᠡ ᠬᠢᠷᠢ ᠲᠡᠩᠴᠡᠭᠦ ᠥᠬᠡᠶ ᠢᠳᠡᠭᠡᠨ ᠢ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠬᠠᠤᠯᠢ ᠶᠣᠰᠣᠭᠠᠷ ᠡᠵᠡᠩᠨᠡᠬᠦ᠂ ᠦᠨᠡᠨᠴᠢ ᠢᠲᠡᠭᠡᠮᠵᠢᠲᠡᠶ ᠪᠠᠷ ᠡᠵᠡᠩᠨᠡᠬᠦ᠂ ᠦᠨ᠎ᠡ ᠬᠠᠩᠰᠢ ᠶᠢ ᠢᠯᠡ ᠬᠠᠳᠠᠬᠤ ᠶᠢ ᠪᠡᠶᠡᠯᠡᠭᠦᠯᠵᠦ᠂ ᠪᠠᠶᠠᠷ ᠤᠨ ᠡᠳᠦᠷ ᠠᠴᠠ ᠡᠮᠦᠨᠡᠬᠢ ᠪᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠵᠤ᠂ ᠵᠠᠪᠰᠢᠶᠠᠨ ᠢ ᠳᠠᠯᠢᠮᠳᠠᠭᠤᠯᠤᠨ ᠵᠦᠶ ᠪᠤᠰᠤ ᠠᠰᠢᠭ ᠤᠯᠬᠤ ᠶᠢ ᠴᠢᠩᠭ᠎ᠠ ᠴᠠᠭᠠᠵᠠᠯᠠᠪᠠ᠃      ᠲᠠᠷᠠᠭᠠᠴᠢ ᠶᠢᠨ ᠠᠯᠬᠤᠮ ᠳᠤ᠂ ᠰᠢᠶᠠᠨ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠵᠢᠴᠢ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠬᠤ ᠶᠢᠨ ᠬᠠᠮᠲᠤ 12345᠂ 12315 ᠲᠠᠪᠴᠠᠩ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠢᠳᠡᠪᠬᠢᠲᠡᠶ ᠪᠠᠷ ᠠᠩᠬᠠᠷᠴᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠪᠠᠷᠠᠭᠠᠨ ᠤ ᠦᠨ᠎ᠡ ᠶᠢ ᠲᠦᠷᠬᠢᠭᠦᠯᠦᠨ ᠥᠰᠬᠡᠬᠦ᠂ ᠮᠠᠭᠤ ᠪᠠᠷ ᠰᠠᠶᠢᠨ ᠢ ᠣᠷᠣᠯᠠᠭᠤᠯᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠠᠶᠠᠷ ᠤᠨ ᠡᠳᠦᠷ ᠠᠴᠠ ᠡᠮᠦᠨᠡᠬᠢ ᠪᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠶᠢᠲᠤᠷ ᠬᠠᠮᠠᠭᠠᠯᠠᠵᠤ᠂ ᠬᠠᠷᠢᠶᠠᠲᠤ ᠣᠷᠣᠨ ᠤ ᠣᠯᠠᠨ ᠲᠦᠮᠡᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨᠬᠦ ᠪᠠᠲᠤᠯᠠᠨ᠎ᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ