ᠪᠣᠣ ᠭᠠᠩ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠳᠤᠯᠠᠭᠠᠯᠭ᠎ᠠ ᠶᠢ ᠪᠠᠲᠤᠯᠠᠬᠤ᠂ ᠴᠠᠭᠠᠨ ᠰᠠᠷ᠎ᠠ ᠶᠢᠨ ᠵᠥᠭᠡᠭᠡᠪᠦᠷᠢ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/1/18
      ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠳᠤᠯᠠᠭᠠᠯᠠᠭ᠎ᠠ ᠶᠢᠨ ᠠᠵᠤ ᠠᠬᠤᠶᠢᠯᠠᠯ ᠪᠣᠯᠣᠨ ᠵᠠᠮ ᠬᠠᠷᠢᠯᠴᠠᠭ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ᠂ ᠭᠠᠯ ᠤᠨᠲᠠᠷᠠᠭᠠᠬᠤ ᠵᠡᠷᠭᠡ ᠨᠢᠭᠡᠴᠡ ᠳᠤ ᠭᠦᠨᠵᠡᠭᠡᠶᠢᠷᠡᠵᠦ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠳᠤᠯᠠᠭᠠᠯᠭ᠎ᠠ ᠶᠢ ᠪᠠᠲᠤᠯᠠᠬᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠦᠭᠡᠢ ᠪᠠᠶᠢᠬᠤ ᠶᠢ ᠪᠠᠲᠤᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠵᠠᠢ᠃      ᠪᠦᠦ ᠴᠢᠤᠸᠠᠨ ᠵᠤᠸᠠᠩ ᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ᠂ ᠪᠣᠣ ᠭᠠᠩ ᠠᠮᠤ ᠪᠤᠳᠠᠭ᠎ᠠ ᠭᠤᠯᠢᠷ ᠲᠣᠰᠣ᠂ ᠮᠢᠬ᠎ᠠ᠂ ᠵᠢᠮᠢᠰ ᠨᠣᠭᠤᠭ᠎ᠠ ᠵᠡᠷᠭᠡ ᠲᠠᠸᠠᠷ ᠤᠨ ᠦᠨ᠎ᠡ ᠬᠠᠩᠰᠢ᠂ ᠪᠣᠷᠤᠯᠠᠭᠤᠯᠭ᠎ᠠ ᠶᠢᠨ ᠬᠡᠮᠵᠢᠶ᠎ᠡ᠂ ᠨᠥᠭᠡᠴᠡᠯᠡᠯᠲᠡ ᠶᠢᠨ ᠪᠠᠶᠢᠳᠠᠯ ᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ ᠪᠠᠷᠠᠭᠠᠨ ᠤ ᠢᠷᠡᠯᠲᠡ ᠭᠦᠢᠴᠡᠳ᠂ ᠦᠨ᠎ᠡ ᠬᠠᠩᠰᠢ ᠲᠣᠭᠲᠠᠭᠤᠨ᠂ ᠬᠠᠩᠭᠠᠯᠭ᠎ᠠ ᠭᠦᠢᠴᠡᠳ ᠪᠠᠶᠢᠬᠤ ᠶᠢ ᠪᠠᠲᠤᠯᠠᠵᠤ᠂ ᠢᠳᠡᠭᠡᠨ ᠤ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠬᠤᠳᠠᠯᠳᠤᠨ ᠠᠪᠬᠤ ᠳᠤ ᠲᠠᠭᠠᠯᠠᠮᠵᠢᠲᠠᠢ᠂ ᠢᠳᠡᠬᠦ ᠳᠤ ᠰᠠᠨᠠᠭ᠎ᠠ ᠠᠮᠤᠷ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃ ᠺᠧ ᠯᠢᠨ ᠢᠯᠴᠢ ᠶᠢᠨ ᠴᠠᠬᠢᠯᠭᠠᠨ ᠤ ᠺᠣᠮᠫᠠᠨᠢ ᠳᠤ᠂ ᠬᠡᠷᠡᠭᠯᠡᠬᠦ ᠨᠡᠭᠦᠷᠡᠰᠦᠨ ᠤ ᠨᠥᠭᠡᠴᠡᠯᠡᠯ᠂ ᠮᠠᠰᠢᠨ ᠴᠣᠭᠴᠠᠯᠠᠪᠤᠷᠢ ᠶᠢᠨ ᠠᠵᠢᠯᠯᠠᠭᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠢᠯᠴᠢ ᠬᠠᠩᠭᠠᠬᠤ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠡᠪᠦᠷᠯᠡᠨ ᠢᠯᠴᠢ ᠬᠠᠩᠭᠠᠬᠤ ᠪᠠᠲᠤᠯᠠᠭ᠎ᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠢᠯᠴᠢ ᠬᠠᠩᠭᠠᠬᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠲᠥᠪ᠂ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠢᠨ᠎ᠡ ᠬᠤᠲᠠ ᠶᠢᠨ ᠶᠡᠭᠡ ᠠᠩᠭᠢ ᠪᠣᠯᠣᠨ ᠢᠦᠢ ᠴᠢᠤᠸᠠᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢᠨ ᠡᠮᠦᠨ᠎ᠡ ᠬᠤᠶᠠᠳᠤᠭᠠᠷ ᠲᠣᠭᠤᠷᠢᠯ ᠵᠠᠮ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡ ᠳᠤ᠂ ᠪᠣᠣ ᠭᠠᠩ ᠴᠠᠭᠠᠨ ᠰᠠᠷ᠎ᠠ ᠶᠢᠨ ᠠᠶᠠᠨᠴᠢᠳ ᠤᠨ ᠲᠡᠭᠡᠭᠡᠪᠦᠷᠢ᠂ ᠵᠠᠮ ᠬᠠᠷᠢᠯᠴᠠᠭᠠᠨ ᠤ ᠠᠶᠤᠯᠭᠦᠢ᠂ ᠵᠠᠮ ᠬᠠᠷᠢᠯᠴᠠᠭᠠᠨ ᠤ ᠰᠠᠭᠠᠳ ᠦᠭᠡᠢ ᠶᠢ ᠪᠠᠲᠤᠯᠠᠬᠤ ᠪᠠ ᠭᠠᠯ ᠰᠡᠷᠭᠡᠶᠢᠯᠡᠭᠡ ᠶᠢᠨ ᠠᠶᠤᠯᠭᠦᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠᠲᠤᠯᠠᠭ᠎ᠠ ᠵᠡᠷᠭᠡ ᠠᠵᠢᠯ ᠢ ᠲᠤᠰ ᠲᠤᠰ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠶᠡᠭᠡ ᠵᠠᠮ ᠬᠠᠷᠢᠯᠴᠠᠭᠠᠨ ᠤ ᠣᠶᠢᠯᠠᠭᠠᠭᠳᠠᠬᠤᠨ ᠢ ᠪᠤᠢ ᠪᠣᠯᠭᠠᠵᠤ᠂ ᠲᠣᠮᠣ ᠳ᠋ᠠᠶᠢᠲ᠋ᠠ ᠶᠢᠨ ᠣᠶᠤᠨᠴᠢ ᠬᠡᠷᠡᠭᠯᠡᠭᠡ ᠪᠠ ᠮᠡᠳᠡᠭᠡ ᠵᠠᠩᠭᠢ ᠶᠢᠨ ᠲᠠᠪᠴᠠᠩ ᠤᠨ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠬᠡᠷᠡᠭᠯᠡᠬᠦ ᠶᠢ ᠴᠢᠩᠭᠠᠳᠬᠠᠵᠤ᠂ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠠᠶᠤᠯᠭᠦᠢ ᠶᠢᠨ ᠬᠠᠮᠢᠶᠠᠷᠤᠯᠲᠠ ᠪᠠ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠬᠦ ᠠᠵᠢᠯ ᠢ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠵᠠᠮ ᠰᠠᠭᠠᠳ ᠦᠭᠡᠢ ᠬᠥᠮᠥᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠭᠠᠵᠠᠷ ᠲᠠᠯᠠᠪᠤᠷ ᠲᠤ ᠭᠠᠯ ᠰᠡᠷᠭᠡᠶᠢᠯᠡᠭᠡ ᠶᠢᠨ ᠠᠶᠤᠯᠭᠦᠢ ᠶᠢᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠵᠤ᠂ ᠵᠢᠵᠢᠭᠦᠷᠯᠡᠵᠦ ᠠᠵᠢᠯ ᠳᠤ ᠪᠡᠯᠡᠳᠬᠡᠬᠦ ᠪᠠ ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠲᠣᠬᠢᠷᠠᠭᠤᠯᠤᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ