ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/18
ᠾᠧ ᠬᠠᠢ ᠳ᠋ᠦᠩ ᠬᠤᠷᠠᠯ ᠢ ᠡᠷᠬᠢᠯᠡᠪᠡ      1 ᠳ᠋ᠦ᠋ᠭᠡᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ︾ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ︾ ᠢ ᠳᠠᠷᠤᠮᠠᠯᠯᠠᠨ ᠲᠠᠷᠬᠠᠭᠠᠵᠠᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠰᠠᠨᠠᠯ︾ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ︽ᠰᠠᠨᠠᠯ︾ ᠳᠤ ᠳᠤᠷᠠᠳᠤᠭᠰᠠᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠥᠷᠥ ᠶᠢᠨ ᠪᠣᠳᠣᠯᠭ᠎ᠠ ᠨᠢᠭᠡᠪᠦᠷᠢ ᠶᠢᠨ ᠦᠢᠯᠡᠳᠦᠯ ᠢᠶᠠᠨ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠳᠠ ᠶᠢᠨ ᠱᠠᠲᠤᠨ ᠤ ᠲᠠᠯ᠎ᠠ ᠠᠴᠠ ᠠᠵᠢᠯ ᠤᠨ ᠲᠤᠰᠬᠠᠢ ᠠᠩᠭᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠠᠵᠢᠯ ᠢᠶᠠᠨ ᠢᠳᠡᠪᠬᠢᠲᠡᠢ ᠠᠬᠢᠭᠤᠯᠬᠤ ᠬᠡᠷᠡᠭᠲᠡᠢ᠃ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠪᠣᠳᠠᠲᠠᠢ ᠵᠠᠯᠭᠠᠨ ᠠᠪᠴᠤ ᠨᠠᠶᠢᠳᠠᠪᠤᠷᠢᠵᠢᠭᠤᠯᠬᠤ ᠲᠥᠰᠥᠯ ᠢ ᠲᠦᠷᠭᠡᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠲᠢᠩᠬᠢᠮ ᠲᠣᠪᠴᠢᠶ᠎ᠠ ᠲᠠᠢ ᠢᠳᠡᠪᠬᠢᠲᠡᠢ ᠪᠠᠷ ᠵᠣᠯᠭᠠᠭᠤᠯᠵᠤ᠂ ᠣᠷᠣᠨ ᠬᠤᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠪᠣᠶ ᠪᠦᠬᠦᠢ ᠵᠦᠢᠯᠡᠰ ᠢ ᠴᠥᠮ ᠦᠨᠡᠨᠬᠦ ᠪᠣᠳᠠᠲᠠᠢ ᠠᠳᠬᠤᠵᠤ᠂ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ