ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/19
ᠼᠤᠤ ᠰᠧ ᠶᠠᠩ ᠣᠷᠣᠯᠴᠠᠵᠠᠢ      ︵ᠰᠤᠷᠪᠤᠯᠵᠢᠯᠠᠭᠴᠢ ᠮᠢᠶᠣᠣ ᠰᠢᠨ︶ 1 ᠳ᠋ᠦ᠋ᠭᠡᠷ ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠰᠧ ᠶᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠵᠢᠶᠦ᠋ᠨ ᠬᠤᠷᠠᠯ ᠢ ᠡᠷᠭᠢᠯᠡᠵᠡᠶ᠃ ᠬᠤᠲᠠ ᠶᠢᠨ ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠵᠣᠣ ᠰᠢ ᠮᠢᠨ᠂ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶᠠᠨ ᠤ ᠳᠠᠷᠤᠭ᠎ᠠ ᠸᠠᠩ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠥᠪ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠸ ᠴᠧᠩ ᠤᠨ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ 2022 ᠣᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ 2023 ᠣᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ