ᠪᠣᠣ ᠭᠠᠩ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 18 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠦᠬᠦᠳᠠ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ | ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ︽ᠰᠦᠨ ᠱᠣᠸ | ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ | ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠳᠤ ᠬᠡᠯᠡᠭᠰᠡᠨ ᠦᠭᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠠᠵᠢᠯ ᠤᠨ ᠬᠤᠪᠢᠶᠠᠷᠢᠯᠠᠯ ᠤᠨ ᠲᠥᠰᠥᠯ︾ ︽︿ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠠᠨᠠᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯ ᠤᠨ ᠲᠥᠰᠥᠯ︾ ᠢ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠢᠭᠡ ᠮᠥᠴᠡ ᠴᠦ ᠵᠣᠭᠰᠣᠯ ᠦᠭᠡᠢ ᠠᠬᠢᠭᠤᠯᠬᠤ ᠬᠡᠷᠡᠭᠲᠡᠢ᠃ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠦᠷᠦ ᠶᠢᠨ | ᠬᠢᠨᠠᠯᠲᠠ ᠲᠠᠯᠪᠢᠬᠤ ᠶᠢ ᠪᠣᠳᠠᠲᠠᠢ ᠠᠳᠬᠤᠬᠤ ᠬᠡᠷᠡᠭᠲᠡᠢ︔ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠦᠢᠯᠡᠰ ᠪᠦᠲᠦᠭᠡᠬᠦ ᠶᠢ ᠤᠷᠮᠠᠰᠢᠭᠤᠯᠤᠨ ᠵᠣᠷᠢᠭᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠠᠯᠳᠠᠭ᠎ᠠ ᠪᠤᠷᠤᠭᠤ ᠶᠢ ᠣᠨᠣᠪᠴᠢᠲᠠᠢ ᠠᠭᠤᠴᠢᠯᠠᠨ ᠵᠠᠯᠠᠷᠠᠭᠤᠯᠵᠤ᠂ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ ᠠᠮᠢᠵᠢᠷᠠᠯ ᠤᠨ | ᠬᠦᠴᠦᠨ ᠢ ᠬᠥᠭᠵᠢᠭᠡᠬᠦ ᠬᠡᠷᠡᠭᠲᠡᠢ︔ ᠰᠤᠷᠲᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ | ᠠᠰᠠᠭᠤᠳᠠᠯ ᠢ ᠶᠡᠭᠡ ᠪᠠᠷ ᠰᠢᠢᠳᠪᠦᠷᠢᠯᠡᠬᠦ ᠬᠡᠷᠡᠭᠲᠡᠢ︔ ᠢᠯᠵᠠᠷᠠᠯ ᠢ ᠴᠢᠩᠭ᠎ᠠ ᠵᠠᠯᠬᠠᠭᠠᠨ ᠰᠢᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠬᠦᠭ ᠠᠶᠠᠰ᠂ ᠴᠢᠩᠭ᠎ᠠ ᠠᠷᠭ᠎ᠠ | ᠬᠡᠮᠵᠢᠶ᠎ᠡ᠂ ᠴᠢᠩᠭ᠎ᠠ ᠠᠭᠤᠷ ᠠᠮᠢᠰᠬᠤᠯ ᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ︔ ᠰᠠᠬᠢᠯᠭ᠎ᠠ ᠪᠠᠲᠤ ᠪᠠᠶᠢᠴᠠᠭᠠᠬᠤ ᠺᠠᠳ᠋ᠷ ᠤᠨ ᠴᠢᠳᠠᠪᠤᠷᠢ ᠶᠢ ᠳᠡᠭᠡᠭᠰᠢᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ | ᠬᠢᠨᠠᠨ ᠵᠥᠪᠯᠡᠬᠦ ᠳᠤ ᠣᠷᠤᠯᠴᠠᠬᠤ ᠳᠠᠭᠠᠨ ᠬᠡᠯᠡᠭᠰᠡᠨ ᠦᠭᠡ ᠨᠢ ᠪᠦᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠣᠷᠣᠨ ᠤ ᠲᠥᠪ ᠬᠤᠲᠠ ᠶᠢᠨ ᠡᠭᠦᠷᠭᠡ | ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠬᠥᠭᠵᠢᠯᠲᠡ ᠶᠢᠨ ᠴᠢᠭᠯᠡᠯ ᠪᠣᠯᠣᠨ ᠭᠤᠣᠯᠳᠠᠯᠭ᠎ᠠ ᠲᠠᠢ ᠡᠭᠦᠷᠭᠡ ᠶᠢ ᠤᠯᠠᠮ ᠴᠢᠨᠠᠭᠰᠢᠳᠠ ᠲᠣᠳᠣᠷᠬᠠᠶᠢᠯᠠᠪᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠤᠪᠢᠶᠠᠷᠢᠯᠠᠯ ᠤᠨ ᠲᠥᠰᠥᠯ ᠲᠠᠢ ᠴᠢᠩᠭ᠎ᠠ ᠬᠠᠷᠢᠴᠠᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ | ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠰᠠᠨᠠᠯ︾ ᠢ ᠰᠠᠶᠢᠲᠤᠷ ᠨᠠᠶᠢᠳᠠᠪᠤᠷᠢᠵᠢᠭᠤᠯᠬᠤ ᠪᠣᠯ ᠣᠷᠣᠨ ᠤ ᠲᠥᠪ ᠬᠤᠲᠠ ᠶᠢᠨ ᠡᠷᠬᠡᠪᠰᠢ ᠡᠷᠡᠰ ᠡᠭᠦᠷᠭᠡᠯᠡᠬᠦ ᠤᠯᠤᠰ ᠲᠦᠷᠦ ᠶᠢᠨ ᠬᠠᠷᠢᠭᠤᠴᠠᠯᠭ᠎ᠠ᠂ ᠪᠠᠲᠤ ᠡᠵᠡᠮᠰᠢᠬᠦ | ᠬᠥᠭᠵᠢᠯᠲᠡ ᠶᠢᠨ ᠠᠵᠠ ᠲᠣᠬᠢᠶᠠᠯ ᠪᠣᠯᠣᠨ᠎ᠠ᠃ ᠮᠠᠨ ᠤ ᠬᠤᠲᠠ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯ ᠶᠠᠪᠤᠳᠠᠯ ᠬᠢᠵᠦ᠂ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠲᠦᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨᠬᠦ ᠬᠥᠭᠵᠢᠯᠲᠡ ᠶᠢᠨ ᠬᠥᠳᠡᠯᠭᠡᠭᠦ | ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠪᠡᠯᠡᠳᠬᠡᠯ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ |