ᠬᠥᠬᠡᠬᠤᠲᠠ ᠮᠠᠯ ᠵᠢᠭᠦᠷᠳᠡᠨ ᠤ ᠬᠢᠵᠢᠭ ᠢ ᠰᠡᠷᠭᠡᠶᠢᠯᠡᠬᠦ ᠪᠠ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2023/1/19
      ︵ᠰᠤᠷᠪᠤᠯᠵᠢᠯᠠᠭᠴᠢ ᠭᠤᠸ᠎ᠠ︶ ᠣᠶᠢᠷ᠎ᠠ ᠳᠤ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠣᠪᠴᠢᠶ᠎ᠠ ᠶᠢᠨ ᠬᠢᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ᠦᠴᠤᠸᠠᠨ ᠰᠢᠶᠠᠨ ᠳᠤ ᠬᠦᠷᠴᠦ ᠮᠠᠯ ᠵᠢᠭᠦᠷᠳᠡᠨ ᠤ ᠭᠡᠮ ᠬᠢᠵᠢᠭ ᠢ ᠰᠡᠷᠭᠡᠶᠢᠯᠡᠬᠦ ᠠᠵᠢᠯ ᠵᠢᠴᠢ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠬᠠᠢ ᠱᠠᠯᠠᠪᠳᠠᠭᠤᠯᠤᠨ ᠪᠠᠶᠢᠴᠠᠭᠠᠵᠤ ᠵᠢᠭᠠᠨ ᠵᠢᠯᠣᠭᠤᠳᠴᠦ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠣᠷᠣᠨ ᠪᠦᠰᠡ ᠶᠢᠨ ᠴᠢᠨᠠᠷᠲᠠᠢ ᠬᠦᠨᠳᠦ ᠶᠡᠭᠡ ᠮᠠᠯ ᠵᠢᠭᠦᠷᠳᠡᠨ ᠤ ᠭᠡᠮ ᠬᠢᠵᠢᠭ ᠤᠨ ᠪᠠᠶᠢᠳᠠᠯ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠶᠤᠯᠬᠦᠢ ᠪᠠᠶᠢᠬᠤ ᠶᠢ ᠦᠨᠡᠨ ᠬᠦ ᠪᠠᠲᠤᠯᠠᠵᠤ ᠪᠤᠢ᠃      ᠲᠤᠰ ᠤᠳᠠᠭᠠᠨ ᠤ ᠪᠠᠶᠢᠴᠠᠭᠠᠯᠲᠠ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠪᠠ ᠰᠠᠨᠠᠯ ᠢᠶᠠᠨ ᠰᠣᠯᠢᠯᠴᠠᠬᠤ ᠠᠷᠭ᠎ᠠ ᠭᠡᠯᠪᠡᠷᠢ ᠪᠠᠷ ᠶᠠᠪᠤᠭᠳᠠᠪᠠ᠃ ᠮᠠᠯ ᠤᠨ ᠡᠮᠨᠡᠯᠭᠡ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠦᠨᠡᠨ ᠬᠦ ᠴᠢᠩᠭᠠᠳᠭᠠᠵᠤ᠂ ᠡᠯ᠎ᠡ ᠵᠦᠢᠯ ᠤᠨ ᠠᠶᠤᠯ ᠤᠨ ᠡᠬᠢ ᠰᠤᠷᠪᠤᠯᠵᠢ ᠶᠢ ᠬᠢᠨᠠᠮᠠᠭᠠᠢ ᠡᠷᠢᠨ ᠭᠠᠷᠭᠠᠵᠦ᠂ ᠠᠶᠤᠯᠭᠦᠢ ᠶᠢᠨ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠶᠢ ᠵᠤᠷᠢᠬᠰᠠᠨ ᠪᠠᠶᠢᠨ᠎ᠠ᠃      ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠭᠠᠷᠭᠠᠵᠤ᠂ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠭᠰᠠᠨ ᠪᠠᠶᠢᠨ᠎ᠠ᠃
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ