︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/1/20
      2019 ᠣᠨ ᠤ 3 ᠳ᠋ᠤᠭᠠᠷ ᠰᠠᠷ᠎ᠠ ᠶᠢᠨ 19  ᠤ ᠡᠳᠦᠷ ᠬᠤᠷᠠᠯᠳᠤᠭᠰᠠᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠣᠯᠣᠳᠤᠭᠠᠷ ᠤᠳᠠᠭ᠎ᠠ ᠶᠢᠨ ᠬᠤᠷᠠᠯ ᠠᠴᠠ ︽ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠨᠡᠶᠢᠳᠬᠡᠵᠦ ᠬᠠᠮᠲᠤᠪᠠᠷ ᠡᠳ᠋ᠯᠡᠬᠦ ᠶᠢ  ᠬᠦᠨᠵᠡᠭᠡᠶᠢᠷᠡᠭᠦᠯᠬᠦ ᠳᠤ ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ᠂ ᠨᠢᠭᠡᠳᠦᠯᠲᠡᠢ ᠵᠢᠷᠤᠮᠵᠢᠯ ᠲᠠᠢ᠂ ᠢᠯᠡ ᠲᠣᠳᠣ᠂ ᠦᠢᠯᠡᠴᠢᠯᠡᠭᠡ ᠥᠨᠳᠥᠷ ᠪᠦᠲᠦᠮᠵᠢᠲᠡᠢ ᠪᠠᠶᠢᠬᠤ ᠵᠠᠷᠴᠢᠮ ᠢ ᠪᠠᠷᠢᠮᠲᠠᠯᠠᠵᠤ᠂ ᠲᠠᠪᠴᠠᠩ ᠤᠨ  ᠠᠷᠠᠯᠵᠢᠶ᠎ᠠ ᠶᠢ ᠨᠡᠶᠢᠳᠡᠮ ᠪᠦᠷᠬᠦᠬᠦᠯᠬᠦ ᠶᠢ ᠲᠦᠷᠭᠡᠳᠬᠡᠨ ᠠᠬᠢᠭᠤᠯᠵᠤ᠂ ᠲᠦᠷᠦᠯ ᠬᠤᠪᠢᠶᠠᠭᠰᠠᠨ ᠨᠢᠭᠡᠳᠦᠯᠲᠡᠢ ᠠᠷᠠᠯᠵᠢᠶᠠᠯᠠᠬᠤ ᠳᠦᠷᠢᠮ᠂ ᠮᠡᠷᠭᠡᠵᠢᠯ ᠤᠨ ᠪᠠᠷᠢᠮᠵᠢᠶ᠎ᠠ᠂ ᠲᠤᠭ᠎ᠠ ᠪᠠᠷᠢᠮᠲᠠ ᠶᠢᠨ ᠵᠢᠷᠤᠮᠵᠢᠯ ᠢ ᠲᠡᠭᠦᠯᠳᠡᠷᠵᠢᠭᠦᠯᠵᠦ᠂ ᠠᠷᠠᠯᠵᠢᠶ᠎ᠠ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠰᠢᠨ᠎ᠡ ᠶᠢ ᠡᠭᠦᠳᠴᠦ᠂ ᠤᠯᠠᠨ ᠨᠡᠶᠢᠲᠡ ᠶᠢᠨ ᠡᠬᠢ ᠪᠠᠶᠠᠯᠢᠭ ᠢ ᠢᠯᠡ ᠪᠠᠷ ᠠᠷᠠᠯᠵᠢᠶᠠᠯᠠᠬᠤ ᠶᠢ ᠠᠬᠢᠭᠤᠯᠵᠤ᠂ ᠤᠯᠠᠨ ᠨᠡᠶᠢᠲᠡ ᠶᠢᠨ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠣᠯᠣᠨ ᠡᠷᠬᠡ ᠲᠡᠭᠰᠢ ᠴᠢᠨᠠᠷ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠵᠢᠯᠤᠭᠤᠳᠬᠤ ᠰᠠᠨᠠᠯ ᠢ ᠤᠯᠠᠮᠵᠢᠯᠠᠨ ᠶᠠᠪᠤᠭᠤᠯᠬᠤ ᠮᠡᠳᠡᠭᠳᠡᠯ︾ ︵ᠲᠥᠷᠥ ᠠᠯᠪᠠᠨ ᠵᠠᠬᠢᠳᠠᠯ ﹇2019﹈ 41  ᠳ᠋ᠤᠭᠡᠷ ᠲᠣᠭᠠᠲᠤ︶ ᠳᠤ ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠶᠢ ᠠᠬᠢᠭᠤᠯᠤᠨ᠂ ᠬᠠᠮᠢᠶᠠᠷᠤᠯᠲᠠ ᠬᠢᠭᠡᠳ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠬᠠᠷᠢᠯᠴᠠᠨ ᠰᠠᠯᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ ᠠᠬᠢᠭᠤᠯᠤᠨ᠎ᠠ︾ ᠭᠡᠵᠦ ᠲᠣᠳᠣᠷᠬᠠᠢ ᠳᠤᠷᠠᠳᠤᠨ ᠭᠠᠷᠭᠠᠪᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠣᠶᠢᠷ᠎ᠠ ᠶᠢᠨ ᠵᠢᠯ ᠤᠳ ᠲᠤ᠂ ᠮᠠᠨ ᠤ ᠬᠤᠲᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠭᠠᠵᠠᠷ ᠰᠢᠷᠣᠢ ᠠᠭᠤᠷᠬᠠᠢ ᠶᠢᠨ ᠭᠠᠷᠤᠯᠲᠠ᠂ ᠤᠯᠤᠰ ᠤᠨ ᠥᠮᠴᠢᠯᠡᠯ ᠤᠨ ᠥᠮᠴᠢᠯᠡᠬᠦ ᠡᠷᠬᠡ ᠶᠢᠨ ᠠᠷᠠᠯᠵᠢᠶ᠎ᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠢᠭᠡᠳᠦᠯᠲᠡᠢ ᠲᠠᠪᠴᠠᠩ ᠢ ᠪᠠᠶᠢᠭᠤᠯᠵᠤ᠂ ᠡᠮᠬᠢᠯᠡᠨ ᠨᠡᠶᠢᠯᠡᠭᠦᠯᠬᠦ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃      ᠣᠲᠣ ᠶᠢᠨ ᠬᠡᠷᠡᠭᠵᠢᠭᠦᠯᠵᠦ ᠪᠠᠶᠢᠭ᠎ᠠ ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 22 ᠳ᠋ᠤᠭᠠᠷ ᠲᠣᠭᠠᠲᠤ︶ ᠶᠢ 2020 ᠣᠨ ᠤ 12 ᠳ᠋ᠤᠭᠠᠷ ᠰᠠᠷ᠎ᠠ ᠶᠢᠨ 4 ᠤ ᠡᠳᠦᠷ ᠠᠴᠠ ᠵᠢᠩᠬᠢᠨᠢ ᠪᠠᠷ ᠬᠡᠷᠡᠭᠵᠢᠬᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠰᠠᠭᠠᠳ ᠢ ᠨᠡᠪᠲᠡᠷᠡᠭᠦᠯᠬᠦ ᠴᠢᠬᠤᠯᠠ ᠦᠢᠯᠡᠳᠦᠯ ᠢ ᠪᠦᠲᠦᠮᠵᠢᠲᠡᠶ  ᠪᠠᠳᠠᠷᠠᠭᠤᠯᠪᠠ᠂ ᠣᠲᠣ ᠶᠢᠨ ᠬᠡᠷᠡᠭᠵᠢᠭᠦᠯᠵᠦ ᠪᠠᠶᠢᠭ᠎ᠠ ᠠᠷᠭ᠎ᠠ ᠨᠢ 2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ ᠬᠦᠴᠦᠨ ᠦᠭᠡᠢ ᠪᠣᠯᠤᠭᠰᠠᠨ ᠪᠣᠯᠬᠤᠷ᠂ ᠮᠠᠨ ᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠶᠢᠨ ᠲᠥᠯᠥᠭᠡ᠂ ᠡᠷᠬᠡᠪᠰᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠰᠢᠨ᠎ᠡ ᠠᠷᠭ᠎ᠠ ᠶᠢ ᠲᠣᠭᠲᠠᠭᠠᠬᠤ ᠬᠡᠷᠡᠭᠲᠡᠢ᠃      ᠬᠤᠶᠠᠷ᠂ ︽ᠠᠷᠭ᠎ᠠ︾ ᠶᠢ ᠲᠣᠭᠲᠠᠭᠠᠭᠰᠠᠨ ᠦᠨᠳᠦᠰᠦᠯᠡᠯ      1.︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ︾      2. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ︾      3.︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾      4. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠡᠷᠡᠭᠵᠢᠭᠦᠯᠬᠦ ᠳᠦᠷᠢᠮ︾      5. ︽ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠡᠮᠬᠢᠯᠡᠨ ᠨᠡᠶᠢᠯᠡᠭᠦᠯᠵᠦ ᠬᠠᠮᠲᠤ ᠪᠠᠷ ᠡᠳ᠋ᠯᠡᠬᠦ ᠶᠢ ᠭᠦᠨᠵᠡᠭᠡᠶᠢᠷᠡᠭᠦᠯᠬᠦ ᠲᠤᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠵᠢᠯᠤᠭᠤᠳᠬᠤ ᠰᠠᠨᠠᠯ ᠢ ᠤᠯᠠᠮᠵᠢᠯᠠᠨ  ᠶᠠᠪᠤᠭᠤᠯᠬᠤ ᠮᠡᠳᠡᠭᠳᠡᠯ︾ ︵ᠲᠦᠷᠦ ᠠᠯᠪᠠᠨ ᠵᠠᠬᠢᠳᠠᠯ 〔2019〕41 ᠳ᠋ᠤᠭᠡᠷ ᠲᠣᠭᠠᠲᠤ︶      6. ︽ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︵ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ 14 ᠶᠠᠮᠤᠨ  ᠵᠦᠪᠯᠡᠯ ᠤᠨ ᠵᠠᠷᠯᠢᠭ 39 ᠳ᠋ᠤᠭᠡᠷ ᠲᠣᠭᠠᠲᠤ︶      7. ︽ᠵᠠᠰᠠᠭ ᠤᠨ ᠣᠷᠳᠣᠨ ᠤ ᠬᠤᠳᠠᠯᠳᠤᠨ ᠠᠪᠬᠤ ᠡᠳ᠋ ᠪᠠᠷᠠᠭ᠎ᠠ ᠪᠠ ᠦᠢᠯᠡᠴᠢᠯᠡᠭᠡᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ ᠵᠠᠷᠯᠢᠭ 87 ᠳ᠋ᠤᠭᠠᠷ ᠲᠣᠭᠠᠲᠤ︶       8. ︽ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 67 ᠳ᠋ᠤᠭᠠᠷ ᠲᠣᠭᠠᠲᠤ︶      ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ      ︽ᠠᠷᠭ᠎ᠠ︾ ᠨᠢ ᠨᠡᠶᠢᠲᠡ ᠵᠢᠷᠭᠤᠭᠠᠨ ᠪᠦᠯᠦᠭ 31 ᠵᠦᠢᠯ ᠲᠠᠢ᠂ ᠡᠭᠦᠨ ᠳᠤ ᠭᠤᠣᠯᠳᠠᠭᠤ ᠶᠡᠷᠦᠩᠬᠡᠢ ᠳᠦᠷᠢᠮ᠂ ᠵᠣᠬᠢᠶᠠᠨ ᠪᠠᠶᠢᠭᠤᠯᠵᠤ ᠬᠠᠮᠢᠶᠠᠷᠬᠤ ᠵᠢᠴᠢ ᠡᠭᠦᠷᠭᠡ ᠬᠠᠷᠢᠭᠤᠴᠠᠯᠭ᠎ᠠ᠂ ᠠᠷᠠᠯᠵᠢᠶᠠᠨ ᠤ ᠬᠦᠷᠢᠶ᠎ᠡ ᠬᠡᠪᠴᠢᠶ᠎ᠡ᠂ ᠠᠷᠠᠯᠵᠢᠶᠠᠨ ᠤ ᠲᠠᠰ ᠳᠠᠷᠠᠭᠠᠯᠠᠯ ᠵᠢᠴᠢ ᠳᠦᠷᠢᠮ᠂ ᠬᠢᠨᠠᠯᠲᠠ ᠬᠠᠮᠢᠶᠠᠷᠤᠯᠲᠠ᠂ ᠳᠠᠭᠠᠯᠳᠤᠭᠤᠯᠤᠭᠰᠠᠨ ᠳᠦᠷᠢᠮ ᠵᠡᠷᠭᠡ ᠠᠭᠤᠯᠭ᠎ᠠ ᠶᠢ ᠪᠠᠭᠲᠠᠭᠠᠵᠤ᠂ ᠭᠤᠣᠯᠳᠠᠭᠤ ᠳᠣᠣᠷᠠᠬᠢ ᠠᠭᠤᠯᠭ᠎ᠠ ᠶᠢ ᠲᠣᠳᠣᠷᠬᠠᠶᠢᠯᠠᠪᠠ᠄      ︵ᠨᠢᠭᠡ︶ ᠮᠠᠨ ᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠳᠤ ᠵᠢᠷᠤᠮᠯᠠᠬᠤ ᠶᠣᠰᠤᠲᠠᠢ ᠵᠠᠷᠴᠢᠮ ᠢ ᠲᠣᠳᠤᠷᠬᠠᠶᠢᠯᠠᠪᠠ᠃ ︽ᠠᠷᠭ᠎ᠠ︾ ᠶᠢᠨ ᠬᠤᠶᠠᠳᠤᠭᠠᠷ ᠵᠦᠢᠯ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠡᠷᠡᠭᠯᠡᠬᠦ ᠬᠦᠷᠢᠶ᠎ᠡ ᠬᠡᠪᠴᠢᠶ᠎ᠡ ᠵᠢᠴᠢ ᠢᠯᠡ ᠲᠣᠲᠤ᠂ ᠡᠷᠬᠡ ᠲᠡᠭᠰᠢ᠂ ᠲᠥᠪ ᠭᠤᠥᠯᠴᠢ ᠪᠠ ᠦᠨᠡᠨᠴᠢ ᠢᠲᠡᠭᠡᠮᠵᠢᠲᠡᠢ ᠪᠠᠶᠢᠬᠤ ᠵᠠᠷᠴᠢᠮ ᠢ ᠵᠢᠷᠤᠮᠯᠠᠬᠤ ᠶᠢ ᠲᠣᠳᠤᠷᠬᠠᠶᠢᠯᠠᠪᠠ᠃      ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠵᠢᠴᠢ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ᠃ ︽ᠠᠷᠭ᠎ᠠ︾ ᠶᠢᠨ ᠲᠠᠪᠤᠳᠤᠭᠠᠷ ᠵᠦᠢᠯ ᠠᠴᠠ ᠨᠠᠢᠮᠠᠳᠤᠭᠠᠷ ᠵᠦᠢᠯ ᠳᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ  ᠬᠠᠷᠠᠭᠠᠯᠵᠠᠭᠰᠠᠨ‌ᠡᠭᠦᠷᠭᠡ ᠬᠠᠷᠢᠭᠤᠴᠠᠯᠭ᠎ᠠ ᠶᠢ ᠲᠣᠰ ᠲᠣᠰ ᠲᠣᠳᠣᠷᠬᠠᠶᠢᠯᠠᠪᠠ᠃      ︵ᠭᠤᠷᠪᠠ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶ᠎ᠡ ᠬᠡᠪᠴᠢᠶ᠎ᠡ ᠶᠢ ᠲᠣᠳᠤᠷᠬᠠᠶᠢᠯᠠᠪᠠ᠃ ︽ᠠᠷᠭ᠎ᠠ︾ ᠶᠢᠨ ᠶᠢᠰᠦᠳᠦᠭᠡᠷ ᠵᠦᠢᠯ ᠠᠴᠠ ᠠᠷᠪᠠᠨ ᠭᠤᠷᠪᠠᠳᠤᠭᠠᠷ ᠵᠦᠢᠯ ᠳᠤ ᠲᠣᠰ ᠱᠠᠲᠤᠨ ᠤ ᠠᠷᠠᠯᠵᠢᠶᠠᠨ ᠤ ᠭᠠᠷᠴᠠᠭ ᠤᠨ ᠬᠡᠪᠴᠢᠶ᠎ᠡ ᠪᠠ ᠲᠤᠭ᠎ᠠ ᠨᠤᠷᠮ᠎ᠠ ᠶᠢᠨ ᠪᠠᠷᠢᠮᠵᠢᠶ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠵᠤ᠂ ᠨᠠᠶᠢᠷᠠᠭᠤᠯᠤᠨ ᠲᠤᠭᠲᠠᠭᠠᠬᠤ ᠪᠠ ᠵᠠᠰᠠᠪᠤᠷᠢ ᠣᠷᠣᠭᠤᠯᠬᠤ ᠶᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠲᠤ ᠪᠠᠷ ᠲᠤᠭᠤᠷᠪᠢᠨ ᠲᠣᠭᠲᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ ᠭᠡᠵᠦ ᠲᠣᠳᠣᠷᠬᠠᠢ ᠲᠣᠭᠲᠠᠭᠠᠵᠠᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠲᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠭᠤᠯᠤᠨ ᠠᠷᠠᠯᠵᠢᠶᠠᠯᠠᠨ᠎ᠠ᠃      ︵ᠳᠥᠷᠪᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠰ ᠳᠠᠷᠠᠭᠠᠯᠠᠯ ᠵᠢᠴᠢ ᠳᠦᠷᠢᠮ ᠢ   ᠲᠣᠳᠤᠷᠬᠠᠶᠢᠯᠠᠪᠠ᠃ ︽ᠠᠷᠭ᠎ᠠ︾ ᠶᠢᠨ ᠠᠷᠪᠠᠨ ᠳᠥᠷᠪᠡᠳᠦᠭᠡᠷ ᠵᠦᠢᠯ ᠠᠴᠠ ᠠᠷᠪᠠᠨ ᠵᠢᠷᠭᠤᠳᠤᠭᠠᠷ ᠵᠦᠢᠯ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠪᠣᠳᠠᠲᠠᠢ ᠲᠠᠰ ᠳᠠᠷᠠᠭᠠᠯᠠᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠤ ᠣᠷᠣᠵᠤ ᠠᠷᠠᠯᠵᠢᠶᠠᠯᠠᠬᠤ ᠲᠥᠷᠥᠯ ᠵᠦᠢᠯ ᠤᠨ ᠪᠦᠷᠢᠯᠳᠦᠭᠦᠯᠪᠡᠰᠦ ᠵᠣᠬᠢᠬᠤ ᠨᠥᠬᠦᠴᠡᠯ ᠵᠡᠷᠭᠡ ᠶᠢ ᠲᠣᠳᠣᠷᠬᠠᠶᠢᠯᠠᠪᠠ᠃      ︵ᠲᠠᠪᠤ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢ  ᠲᠣᠳᠤᠷᠬᠠᠶᠢᠯᠠᠪᠠ᠃ ︽ᠠᠷᠭ᠎ᠠ︾ ᠶᠢᠨ ᠠᠷᠪᠠᠨ ᠳᠣᠯᠣᠳᠤᠭᠠᠷ ᠵᠦᠢᠯ ᠪᠠ ᠠᠷᠪᠠᠨ ᠨᠠᠢᠮᠠᠳᠤᠭᠠᠷ ᠵᠦᠢᠯ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠬᠢᠭᠡᠳ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠬᠠᠮᠳᠤᠷᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠲᠣᠭᠲᠠᠭᠠᠬᠤ ᠶᠢ ᠲᠣᠳᠣᠷᠬᠠᠶᠢᠯᠠᠪᠠ᠃ ᠠᠷᠪᠠ ᠶᠢᠰᠦᠳᠦᠭᠡᠷ ᠵᠦᠢᠯ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠡᠯᠧᠺᠲᠷᠤᠨᠴᠢᠯᠡᠭᠰᠡᠨ ᠠᠷᠭ᠎ᠠ ᠪᠠᠷᠢᠯ ᠢᠶᠠᠷ ᠳᠠᠮᠵᠢᠭᠤᠯᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠠᠵᠢᠯᠯᠠᠭ᠎ᠠ ᠶᠢᠨ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠪᠡᠶᠡᠯᠡᠭᠦᠯᠦᠨ᠎ᠡ ᠭᠡᠵᠦ ᠲᠣᠳᠣᠷᠬᠠᠢ ᠲᠣᠭᠲᠠᠭᠠᠪᠠ᠃ ᠬᠤᠷᠢᠳᠤᠭᠠᠷ ᠵᠦᠢᠯ ᠠᠴᠠ ᠬᠤᠷᠢᠨ ᠭᠤᠷᠪᠠᠳᠤᠭᠠᠷ ᠵᠦᠢᠯ ᠳᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠠᠩᠬᠠᠨ ᠤ ᠬᠦᠮᠦᠨ ᠬᠠᠷᠢᠭᠤᠴᠠᠬᠤ ᠳᠦᠷᠢᠮ ᠤᠨ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠲᠣᠳᠣᠷᠬᠠᠢ ᠲᠣᠭᠲᠠᠭᠠᠪᠠ᠃ ᠵᠢᠴᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠬᠠᠮᠵᠢᠨ ᠰᠢᠢᠳᠪᠦᠷᠢᠯᠡᠬᠦ ᠂ ᠪᠠᠶᠢᠴᠠᠭᠠᠨ ᠰᠢᠢᠳᠪᠦᠷᠢᠯᠡᠵᠦ ᠳᠠᠭᠤᠰᠬᠤ ᠠᠴᠠ ᠡᠮᠦᠨ᠎ᠡ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠯᠪᠤᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠷᠠᠯᠵᠢᠶ᠎ᠠ ᠶᠢᠨ ᠠᠵᠢᠯᠯᠠᠭ᠎ᠠ ᠶᠢᠨ ᠵᠠᠯᠭᠠᠮᠵᠢ ᠭᠠᠷᠳᠠᠮ ᠢ ᠭᠦᠢᠴᠡᠳᠬᠡᠬᠦ ᠶᠢ ᠲᠦᠷ ᠵᠣᠭᠰᠤᠭᠠᠬᠤ ᠵᠡᠷᠭᠡ ᠠᠭᠤᠯᠭ᠎ᠠ ᠶᠢ ᠲᠣᠳᠤᠷᠬᠠᠶᠢᠯᠠᠪᠠ᠃ ︽ᠠᠷᠭ᠎ᠠ︾ ᠶᠢᠨ ᠬᠤᠷᠢᠨ ᠳᠥᠷᠪᠡᠳᠦᠭᠡᠷ ᠵᠦᠢᠯ ᠠᠴᠠ ᠬᠤᠷᠢᠨ ᠲᠠᠪᠤᠳᠤᠭᠠᠷ ᠵᠦᠢᠯ ᠳᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠲᠠ ᠶᠢᠨ ᠡᠯ᠎ᠡ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠵᠤ᠂ ᠪᠥᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠷᠢᠯᠴᠠᠨ ᠬᠠᠮᠲᠤᠪᠠᠷ ᠭᠥᠷᠳᠡᠬᠦ᠂ ᠬᠥᠳᠡᠯᠦᠩᠭᠦᠢ ᠪᠠᠷ ᠰᠢᠨᠡᠳᠬᠡᠬᠦ ᠶᠢ ᠪᠡᠶᠡᠯᠡᠭᠦᠯᠵᠦ ᠂ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ᠂ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠲᠠᠪᠴᠠᠩ ᠵᠡᠷᠭᠡ ᠡᠯ᠎ᠡ ᠲᠥᠷᠥᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠯᠤᠭ᠎ᠠ ᠬᠠᠷᠢᠯᠴᠠᠨ ᠬᠤᠯᠪᠤᠭᠳᠠᠭᠤᠯᠵᠤ ᠬᠠᠷᠢᠯᠴᠠᠨ ᠨᠡᠪᠲᠡᠷᠡᠭᠦᠯᠬᠦ ᠵᠡᠷᠭᠡ ᠠᠭᠤᠯᠭ᠎ᠠ ᠶᠢ ᠲᠤᠳᠣᠷᠬᠠᠶᠢᠯᠠᠪᠠ᠃     ︵ᠵᠢᠷᠭᠤᠭ᠎ᠠ︶ ᠠᠷᠠᠯᠵᠢᠶᠠᠨ ᠤ ᠠᠵᠢᠯᠯᠠᠭ᠎ᠠ ᠶᠢᠨ ᠶᠠᠪᠤᠴᠠ ᠶᠢᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠬᠡᠮᠵᠢᠶ᠎ᠡ ᠶᠢ ᠲᠣᠳᠤᠷᠬᠠᠶᠢᠯᠠᠪᠠ᠃ ︽ᠠᠷᠭ᠎ᠠ︾ ᠶᠢᠨ ᠬᠤᠷᠢᠨ ᠵᠢᠷᠭᠤᠳᠤᠭᠠᠷ ᠵᠦᠢᠯ ᠠᠴᠠ ᠬᠤᠷᠢ ᠶᠢᠰᠦᠳᠦᠭᠡᠷ ᠵᠦᠢᠯ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠨᠡᠶᠢᠭᠡᠮ ᠤᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠬᠤ ᠶᠢ ᠲᠤᠳᠤᠷᠬᠠᠶᠢᠯᠠᠪᠠ᠂ ᠬᠢᠨᠠᠨ ᠪᠤᠳᠤᠬᠤ ᠰᠠᠯᠠᠭ᠎ᠠ ᠮᠥᠴᠢᠷ᠂ ᠡᠳ᠋ ᠤᠨ ᠵᠠᠰᠠᠭ ᠤᠨ ᠰᠠᠯᠠᠭ᠎ᠠ ᠮᠥᠴᠢᠷ ᠵᠡᠷᠭᠡ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠭᠰᠠᠨ ᠪᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠲᠣᠰ ᠠᠷᠭ᠎ᠠ ᠶᠢᠨ ᠲᠣᠭᠲᠠᠭᠠᠯ ᠠᠴᠠ ᠵᠦᠷᠢᠴᠡᠪᠡᠯ ᠡᠭᠦᠷᠭᠡᠯᠡᠪᠡᠰᠦ ᠵᠣᠬᠢᠬᠤ ᠬᠠᠷᠢᠭᠤᠴᠠᠯᠭ᠎ᠠ ᠶᠢ ᠲᠣᠳᠣᠷᠬᠠᠶᠢᠯᠠᠪᠠ᠃      ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠲᠠᠶᠢᠯᠪᠤᠷᠢᠯᠠᠭᠴᠢ᠄ ᠳ᠋ᠦ᠋ ᠬᠤᠩ ᠪᠥᠸᠧ      ᠬᠠᠷᠢᠯᠴᠠᠬᠤ ᠤᠲᠠᠰᠤ᠄ 0471-5988101
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ