ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠵᠤᠭᠠᠴᠠᠭᠰᠠᠳ ᠢ ᠨᠡᠶᠢᠲᠡ 149.25 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠵᠣᠴᠢᠯᠠᠵᠠᠢ
ᠨᠡᠶᠢᠲᠡᠯᠡᠭᠰᠡᠨ ᠴᠠᠭ᠄
2023/1/29
0129.jpg
      ᠠᠶᠠᠨᠴᠢᠳ ᠶᠠᠭ ᠨᠢᠰᠬᠡᠯ ᠳᠤ ᠭᠠᠷᠬᠤ ᠭᠠᠷ ᠭᠦᠢᠴᠡᠳᠬᠡᠯ ᠬᠢᠵᠦ ᠪᠠᠶᠢᠭ᠎ᠠ ᠨᠢ᠃ ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ      ︵ᠰᠤᠷᠪᠤᠯᠵᠢᠯᠠᠭᠴᠢ ᠯᠢᠦ ᠯᠢ ᠰᠢᠶᠠ ᠶᠦᠨ ᠶᠠᠨ ᠹᠠᠩ︶ ᠴᠠᠭᠠᠨ ᠰᠠᠷ᠎ᠠ ᠶᠢᠨ ᠠᠮᠠᠷᠠᠯᠲᠠ ᠳᠤ᠂ ᠮᠠᠨ ᠤ ᠬᠤᠲᠠ ᠵᠤᠭᠠᠴᠠᠭᠰᠠᠳ ᠢ ᠨᠡᠶᠢᠲᠡ 149.25 ᠲᠦᠮᠡᠨ ᠬᠦᠯᠢᠶᠡᠨ ᠠᠪᠴᠤ ᠵᠣᠴᠢᠯᠠᠨ᠂ ᠠᠳᠠᠯᠢ ᠬᠤᠭᠤᠴᠠᠭᠠᠨ ᠤ ᠬᠢ ᠠᠴᠠ 2.36% ᠪᠠᠷ ᠨᠡᠮᠡᠭᠳᠡᠪᠡ︔ ᠶᠡᠷᠦᠩᠬᠡᠶᠢᠯᠡᠭᠰᠡᠨ ᠵᠢᠭᠤᠯᠴᠢᠯᠠᠯ ᠤᠨ ᠣᠷᠣᠯᠭ᠎ᠠ ᠨᠡᠶᠢᠲᠡ 7.07 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.09% ᠪᠠᠷ ᠨᠡᠮᠡᠭᠳᠡᠪᠡ᠃ ᠪᠥᠬᠦ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ ᠲᠠᠢ᠃      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠶᠠᠨᠴᠢᠳ ᠢ ᠨᠡᠶᠢᠲᠡ 33.2 ᠲᠦᠮᠡᠨ ᠬᠦᠮᠦᠨ ᠤᠳᠠᠭ᠎ᠠ ᠬᠦᠷᠭᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ 65.9% ᠪᠣᠯᠵᠤ ᠰᠡᠷᠭᠦᠭᠡᠪᠡ᠃ ᠡᠨᠡ ᠬᠤᠭᠤᠴᠠᠭᠠᠨ ᠳᠤ᠂ ᠲᠡᠮᠦᠷ ᠵᠠᠮ ᠤᠨ ᠰᠠᠯᠠᠭ᠎ᠠ ᠮᠥᠴᠢᠷ ᠬᠥᠬᠡᠬᠤᠲᠠ ᠵᠡᠭᠦᠨ ᠥᠷᠲᠡᠭᠡ ᠠᠴᠠ ᠤᠯᠠᠭᠠᠨᠬᠠᠳᠠ ᠶᠢᠨ ᠡᠮᠦᠨ᠎ᠡ ᠥᠷᠲᠡᠭᠡ ᠬᠦᠷᠬᠦ ᠲᠦᠷ ᠴᠠᠭ ᠤᠨ ᠠᠶᠠᠨᠴᠢᠳ ᠤᠨ ᠭᠠᠯᠲᠤ ᠲᠡᠷᠭᠡ ᠶᠢ 2 ᠡᠭᠡᠯᠵᠢ ᠨᠡᠪᠲᠡᠷᠡᠭᠦᠯᠪᠡ᠃ ᠬᠤᠲᠠ ᠶᠢᠨ ᠬᠤᠭᠤᠷᠣᠨᠳᠣᠬᠢ ᠣᠶᠢᠷ᠎ᠠ ᠵᠠᠮ ᠤᠨ ᠠᠶᠠᠨᠴᠢᠳ ᠤᠨ ᠲᠤᠭ᠎ᠠ ᠳᠠᠬᠢᠨ ᠨᠡᠮᠡᠭᠳᠡᠭᠦᠯᠬᠦ  ᠪᠠᠶᠢᠳᠠᠯ ᠳᠤ ᠴᠢᠭᠯᠡᠭᠦᠯᠦᠨ᠂ ᠡᠳᠦᠷ ᠪᠦᠷᠢ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠴᠠᠪ ᠤᠨ ᠬᠤᠭᠤᠷᠣᠨᠳᠣᠬᠢ ᠲᠦᠷᠭᠡᠨ ᠤ ᠭᠠᠯᠲᠤ ᠲᠡᠷᠭᠡ ᠶᠢ 24 ᠤᠳᠠᠭ᠎ᠠ  ᠨᠡᠪᠲᠡᠷᠡᠭᠦᠯᠪᠡ᠃      ᠠᠷᠠᠳ ᠤᠨ ᠠᠭᠠᠷ ᠤᠨ ᠲᠡᠭᠡᠭᠡᠪᠦᠷᠢ ᠶᠢᠨ ᠲᠠᠯ᠎ᠠ ᠪᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠬᠥᠬᠡᠬᠤᠲᠠ ᠶᠢᠨ ᠨᠢᠰᠬᠡᠯ ᠤᠨ ᠪᠠᠭᠤᠳᠠᠯ 1159 ᠨᠢᠰᠬᠡᠯ ᠤᠳᠠᠭ᠎ᠠ ᠶᠢᠨ ᠲᠡᠭᠡᠭᠡᠪᠦᠷᠢ ᠶᠢᠨ ᠨᠢᠰᠴᠦ ᠪᠠᠭᠤᠬᠤ ᠶᠢ ᠪᠠᠲᠤᠯᠠᠵᠤ᠂ 10.6 ᠲᠦᠮᠡᠨ ᠬᠥᠮᠥᠨ ᠤᠳᠠᠭ᠎ᠠ ᠶᠢᠨ ᠠᠶᠠᠨᠴᠢᠳ ᠢ ᠵᠦᠭᠡᠭᠡᠪᠦᠷᠢᠯᠡᠵᠦ ᠂ ᠪᠠᠷᠠᠭ᠎ᠠ ᠰᠢᠤᠳᠠᠨ ᠢ 180.9 ᠲᠣᠨ ᠵᠦᠭᠡᠭᠡᠪᠦᠷᠢᠯᠡᠪᠡ᠃ ᠡᠨᠡ ᠬᠤᠭᠤᠴᠠᠭᠠᠨ ᠳᠤ᠂ ᠣᠷᠣᠨ ᠤ ᠳᠣᠲᠣᠷᠠᠬᠢ ᠠᠶᠠᠨᠴᠢᠳ ᠭᠤᠣᠯᠳᠠᠭᠤ ᠤᠯᠠᠭᠠᠨᠬᠠᠳᠠ᠂ ᠬᠠᠶᠢᠯᠠᠷ᠂ ᠤᠯᠠᠭᠠᠨᠬᠤᠲᠠ᠂ ᠲᠦᠩᠯᠢᠶᠣᠣ ᠵᠡᠷᠭᠡ ᠬᠤᠲᠠ ᠶᠢᠨ ᠨᠤᠲᠤᠭ ᠲᠠᠭᠠᠨ ᠪᠤᠴᠠᠬᠤ ᠠᠵᠢᠯ ᠤᠨ ᠪᠠᠶᠢᠷᠢ ᠳᠠᠭᠠᠨ ᠪᠣᠴᠠᠬᠤ ᠠᠶᠠᠨᠴᠢᠳ ᠢᠶᠠᠷ ᠭᠤᠣᠯᠯᠠᠪᠠ︔ᠣᠷᠣᠨ ᠤ ᠭᠠᠳᠠᠨᠠᠬᠢ ᠠᠶᠠᠨᠴᠢᠳ ᠭᠤᠣᠯᠳᠠᠭᠤ ᠬᠠᠶᠢᠺᠧᠦ᠂ ᠭᠤᠸᠠᠩᠵᠧᠦ᠂ ᠨᠠᠨᠵᠢᠩ᠂ ᠱᠠᠩᠬᠠᠢ ᠵᠡᠷᠭᠡ ᠬᠤᠲᠠ ᠳᠤ ᠲᠥᠪᠯᠡᠷᠡᠵᠦ ᠪᠠᠶᠢᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ