︵ᠰᠤᠷᠪᠤᠯᠵᠢᠯᠠᠭᠴᠢ ᠴᠢ ᠰᠢᠶᠣᠣ ᠶᠠᠨ ᠴᠢᠮᠡᠭᠡᠯᠡᠭᠴᠢ ᠸᠠᠩ ᠢᠦᠢ ᠹᠧᠩ︶ ᠰᠠᠶᠢᠬᠠᠨ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2022 ᠣᠨ ᠳᠤ ᠮᠠᠨ ᠤ | ᠬᠤᠳᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠦᠷᠳᠡᠭ 182.7 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ | ᠬᠢ ᠠᠴᠠ 14.4% ᠨᠡᠮᠡᠭᠳᠡᠵᠡᠢ᠃ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠥᠷᠲᠡᠭ 89.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 13.3% ᠨᠡᠮᠡᠭᠳᠡᠵᠡᠢ︔ ᠭᠠᠳᠠᠭᠠᠳᠤ ᠳᠤ ᠭᠠᠷᠭᠠᠭᠰᠠᠨ ᠥᠷᠲᠡᠭ 93 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.4% | ᠨᠡᠮᠡᠭᠳᠡᠪᠡ᠃ 2019 ᠣᠨ ᠠᠴᠠ ᠨᠠᠰᠢ᠂ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ | ᠵᠠᠯᠭᠠᠭ᠎ᠠ ᠪᠠᠷ ᠳᠦᠷᠪᠡᠨ ᠵᠢᠯ ᠨᠡᠮᠡᠭᠳᠡᠵᠦ᠂ ᠦᠷᠭᠦᠯᠵᠢᠯᠡᠨ ᠰᠥᠷᠭᠡᠦ ᠪᠠᠶᠢᠳᠠᠯ ᠳᠤ ᠲᠣᠭᠲᠠᠭᠤᠨ ᠢᠶᠠᠷ ᠨᠡᠮᠡᠭᠳᠡᠬᠦ ᠪᠠᠶᠢᠳᠠᠯ ᠢᠶᠠᠨ ᠪᠠᠲᠤᠯᠠᠪᠠ᠃ | ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ᠮᠠᠨ ᠤ ᠬᠤᠲᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ | ᠦᠷᠭᠦᠯᠵᠢᠯᠡᠨ ᠲᠦᠷᠭᠡᠨ ᠨᠡᠮᠡᠭᠳᠡᠬᠦ ᠪᠠᠶᠢᠳᠠᠯ ᠢᠯᠡᠷᠡᠪᠡ᠃ 2022 ᠣᠨ ᠳᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠭᠰᠠᠨ ᠦᠷᠳᠡᠭ 99.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.9 % ᠨᠡᠮᠡᠭᠳᠡᠵᠦ᠂ ᠪᠦᠬᠦ ᠬᠤᠳᠠ ᠶᠢᠨ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠦᠷᠳᠡᠭ ᠤᠨ 54.2% ᠶᠢ ᠡᠵᠡᠯᠡᠪᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠠᠸᠠᠷ ᠠᠴᠠ | ᠠᠪᠴᠤ ᠦᠵᠡᠪᠡᠯ᠂ ᠭᠠᠳᠠᠭᠠᠳᠤ ᠠᠴᠠ ᠣᠷᠤᠭᠤᠯᠤᠭᠰᠠᠨ ᠨᠢ ᠲᠠᠷᠢᠶᠠᠯᠠᠩ ᠤᠨ ᠪᠦᠲᠦᠭᠡᠭᠳᠡᠬᠦᠨ ᠢᠶᠠᠷ ᠭᠤᠣᠯᠯᠠᠵᠤ᠂ ᠭᠠᠳᠠᠭᠠᠳᠤ ᠠᠴᠠ ᠣᠷᠣᠭᠤᠯᠤᠭᠰᠠᠨ ᠦᠷᠳᠡᠭ 57.8 | ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠤᠳᠠ ᠶᠢᠨ ᠭᠠᠳᠠᠭᠠᠳᠤ ᠠᠴᠠ ᠣᠷᠣᠭᠤᠯᠤᠭᠰᠠᠨ ᠦᠷᠳᠡᠭ ᠤᠨ 64.4% ᠶᠢ ᠡᠵᠡᠯᠡᠪᠡ︔ ᠭᠠᠳᠠᠭᠠᠳᠤ ᠳᠤ ᠭᠠᠷᠭᠠᠭᠰᠠᠨ ᠨᠢ | ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠢᠶᠠᠷ ᠭᠤᠤᠯᠯᠠᠵᠤ᠂ ᠭᠠᠳᠠᠭᠠᠳᠤ ᠳᠤ ᠭᠠᠷᠭᠠᠭᠰᠠᠨ ᠦᠷᠳᠡᠭ ᠨᠢ 14.3 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ | ᠬᠤᠳᠠ ᠶᠢᠨ ᠭᠠᠳᠠᠭᠠᠳᠤ ᠳᠤ ᠭᠠᠷᠭᠠᠭᠰᠠᠨ ᠦᠷᠳᠡᠭ ᠤᠨ 15.4% ᠶᠢ ᠡᠵᠡᠯᠡᠪᠡ᠃ ᠠᠷᠠᠯᠵᠢᠶᠠᠨ ᠤ ᠤᠯᠤᠰ ᠤᠨ ᠢᠯᠭᠠᠯ ᠠᠴᠠ ᠠᠪᠴᠤ ᠦᠵᠡᠪᠡᠯ᠂ ᠠᠮᠧᠷᠢᠺᠠ ᠮᠠᠨ ᠤ | ᠬᠤᠲᠠ ᠶᠢᠨ ᠬᠠᠮᠤᠭ ᠤᠨ ᠲᠣᠮᠣ ᠠᠷᠠᠯᠵᠢᠶᠠᠨ ᠤ ᠬᠠᠨᠢᠲᠠᠨ ᠤᠯᠤᠰ ᠪᠣᠯᠵᠤ᠂ 2022 ᠣᠨ ᠳᠤ ᠠᠮᠧᠷᠢᠺᠠ ᠠᠴᠠ ᠣᠷᠤᠭᠤᠯᠵᠤ ᠠᠮᠧᠷᠢᠺᠠ ᠳᠤ ᠭᠠᠷᠭᠠᠭᠰᠠᠨ ᠥᠷᠲᠡᠭ 37.7 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.7% ᠪᠠᠷ ᠨᠡᠮᠡᠭᠳᠡᠪᠡ᠃ | ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ ᠳᠥᠷᠪᠡᠨ ᠵᠢᠯ ᠳᠠᠷᠠᠭᠠᠯᠠᠨ ᠨᠡᠮᠡᠭᠳᠡᠭᠰᠡᠨ | ᠨᠢ ᠮᠠᠨ ᠤ ᠬᠤᠲᠠ ᠶᠢᠨ ᠭᠠᠳᠠᠭᠠᠳᠤ ᠠᠷᠠᠯᠵᠢᠶᠠᠨ ᠤ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠨᠥᠭᠡᠴᠡ ᠬᠦᠴᠦᠨ ᠭᠦᠢᠴᠡᠳ ᠪᠠᠶᠢᠬᠤ ᠶᠢ ᠬᠠᠷᠠᠭᠤᠯᠵᠤ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠰᠠᠶᠢᠬᠠᠨ ᠪᠣᠭᠤᠮᠲᠠ ᠨᠢ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠬᠠᠷᠢᠶ᠎ᠠ ᠣᠷᠣᠨ ᠤ ᠠᠵᠤ | ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠶᠢᠯᠠᠭᠠᠵᠤ᠂ ᠠᠵᠤ ᠠᠬᠤᠶᠢᠯᠠᠯ ᠤᠨ ᠪᠣᠭᠤᠮᠲᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠭᠦᠢᠴᠡᠳ ᠰᠠᠶᠢᠲᠤᠷ ᠬᠡᠷᠡᠭᠯᠡᠬᠦ ᠶᠢ ᠴᠢᠭᠯᠡᠭᠦᠯᠬᠦ ᠴᠢᠨᠠᠷᠲᠠᠢ ᠪᠠᠷ ᠵᠢᠯᠤᠭᠤᠳᠴᠤ᠂ ᠠᠵᠤ ᠠᠬᠤᠶᠢᠯᠠᠯ ᠤᠨ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ | ᠬᠠᠷᠢᠶ᠎ᠠ ᠣᠷᠣᠨ ᠤ ᠠᠵᠤ ᠠᠬᠤᠶᠢᠯᠠᠯ ᠤᠨ ᠰᠥᠷᠭᠡᠦ ᠪᠠᠶᠢᠳᠠᠯ ᠳᠤ ᠭᠠᠷᠴᠤ ᠶᠠᠪᠤᠬᠤ ᠶᠢ ᠠᠬᠢᠭᠤᠯᠵᠤ᠂ ᠬᠥᠬᠡᠬᠤᠲᠠ ᠶᠢᠨ ᠭᠠᠳᠠᠭᠰᠢ ᠴᠢᠭᠯᠡᠭᠦᠯᠦᠭᠰᠡᠨ ᠠᠵᠤ ᠠᠬᠤᠢ ᠶᠢ | ᠬᠥᠭᠵᠢᠭᠦᠯᠬᠦ ᠳᠤ ᠪᠣᠭᠤᠮᠲᠠ ᠶᠢᠨ ᠦᠢᠯᠡᠳᠦᠯ ᠢ ᠪᠠᠳᠠᠷᠠᠭᠤᠯᠤᠨ᠎ᠠ᠃ |