ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ ᠾᠧ ᠬᠠᠢ ᠳ᠋ᠦᠩ ᠴᠠᠩ ᠫᠧᠢ ᠵᠦᠩ ᠯᠢ ᠵᠢᠶᠦ᠋ᠩ ᠣᠷᠣᠯᠴᠠᠵᠠᠢ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 28 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠶᠢᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ᠂ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠬᠦ | ᠭᠤᠣᠯᠳᠠᠯᠭ᠎ᠠ ᠲᠠᠢ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠷᠠᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠲᠠᠢ ᠨᠢᠭᠲᠠ ᠤᠶᠠᠯᠳᠤᠭᠤᠯᠤᠨ᠂ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ | ᠢᠨᠵᠧᠨᠧᠷᠢᠩ ᠢ ᠬᠦᠴᠦᠲᠡᠢ ᠠᠬᠢᠭᠤᠯᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠲᠠᠯ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ᠂ ᠨᠡᠶᠢᠭᠡᠮ ᠤᠨ ᠠᠷᠠᠳ ᠤᠨ | ᠠᠮᠢᠳᠤᠷᠠᠯ ᠤᠨ ᠲᠠᠯ᠎ᠠ ᠵᠡᠷᠭᠡ ᠰᠠᠯᠠᠭ᠎ᠠ ᠮᠥᠴᠢᠷ ᠢ 2023 ᠣᠨ ᠤ ᠭᠤᠣᠯᠳᠠᠯᠭ᠎ᠠ ᠲᠠᠢ ᠰᠡᠳᠬᠢᠴᠡ ᠠᠷᠭ᠎ᠠ ᠬᠡᠮᠵᠢᠶ᠎ᠡ ᠪᠠᠨ ᠳᠠᠷᠠᠭᠠᠯᠠᠨ ᠲᠠᠨᠢᠯᠴᠠᠭᠤᠯᠬᠤ ᠶᠢ ᠱᠠᠭᠠᠷᠳᠠᠵᠤ᠂ | ᠬᠤᠷᠠᠯ ᠤᠨ ᠠᠬᠤᠢ ᠲᠠᠯᠠᠪᠠᠢ ᠳᠤ ᠦᠨᠡᠯᠡᠯᠲᠡ ᠬᠢᠵᠦ᠂ ᠱᠠᠭᠠᠷᠳᠠᠯᠭ᠎ᠠ ᠳᠤᠷᠠᠳᠤᠨ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠰᠡᠳᠬᠢᠴᠡ ᠪᠠᠨ ᠤᠯᠠᠮ ᠨᠢᠭᠡ | ᠠᠯᠬᠤᠮ ᠡᠮᠬᠢᠯᠡᠨ᠂ ᠭᠤᠣᠯᠳᠠᠯᠭ᠎ᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠪᠠ᠃ | ᠬᠤᠷᠠᠯ ᠠᠴᠠ᠂ ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠠᠴᠠ ᠮᠠᠨ ᠤ ᠬᠤᠳᠠ ᠳᠤ ᠳᠠᠭᠠᠭᠠᠯᠭᠠᠭᠰᠠᠨ ᠢᠷᠠᠭᠤ ᠠᠯᠳᠠᠷᠲᠤ ᠡᠭᠦᠷᠭᠡ ᠪᠠ ᠲᠡᠦᠬᠡᠲᠦ ᠬᠠᠷᠢᠭᠤᠴᠠᠯᠭ᠎ᠠ ᠪᠣᠯᠣᠨ᠎ᠠ᠂ ᠮᠥᠨᠴᠦ ᠮᠠᠨ ᠤ ᠬᠤᠳᠠ ᠶᠢᠨ ᠴᠢᠨᠠᠷ ᠰᠠᠶᠢᠲᠠᠢ | ᠬᠥᠭᠵᠢᠯᠲᠡ ᠶᠢ ᠪᠡᠶᠡᠯᠡᠭᠦᠯᠬᠦ ᠴᠢᠬᠤᠯᠠ ᠠᠷᠭ᠎ᠠ ᠵᠠᠮ ᠪᠣᠯᠣᠨ᠎ᠠ᠃ ᠪᠦᠬᠦ ᠬᠤᠳᠠ ᠪᠠᠷ ᠢᠶᠠᠨ ᠭᠤᠣᠯ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠠ ᠲᠣᠬᠢᠶᠠᠯ ᠢ ᠠᠮᠵᠢᠵᠤ᠂ ᠡᠷᠴᠢᠨ | ᠳᠡᠭᠡᠷ᠎ᠡ ᠨᠢ ᠤᠷᠤᠭᠰᠢᠯᠠᠵᠤ᠂ ᠲᠦᠷᠦ ᠶᠢᠨ ᠪᠣᠳᠣᠯᠭ᠎ᠠ ᠶᠢᠨ ᠠᠰᠢᠭ ᠢ ᠦᠨᠡᠨᠬᠦ ᠬᠥᠭᠵᠢᠯᠲᠡ ᠶᠢᠨ ᠳᠤᠲᠠᠭᠳᠠᠯ ᠢ ᠨᠥᠬᠦᠪᠦᠷᠢᠯᠡᠬᠦ᠂ ᠬᠥᠭᠵᠢᠯᠲᠡ ᠶᠢᠨ ᠬᠥᠳᠡᠯᠭᠡᠭᠦ ᠬᠦᠴᠦᠨ ᠢ | ᠨᠡᠮᠡᠭᠳᠡᠭᠦᠯᠬᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠡᠰ ᠭᠤᠶᠢᠪᠢᠰᠢ ᠦᠭᠡᠢ ᠪᠠᠷ ᠬᠥᠭᠵᠢᠯᠲᠡ ᠶᠢ ᠲᠡᠷᠢᠭᠦᠨ ᠴᠢᠬᠤᠯᠠ | ᠡᠭᠦᠷᠭᠡ ᠪᠠᠨ ᠪᠣᠯᠭᠠᠵᠤ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠢ ᠪᠣᠳᠠᠲᠠᠢ ᠲᠦᠷᠦᠯ ᠵᠦᠢᠯ ᠪᠣᠯᠣᠨ ᠪᠣᠳᠠᠲᠠᠢ ᠠᠵᠢᠯᠯᠠᠭ᠎ᠠ ᠪᠣᠯᠭᠠᠨ ᠨᠠᠷᠢᠯᠢᠭᠵᠢᠭᠤᠯᠬᠤ ᠬᠡᠷᠡᠭᠲᠡᠢ᠃ | ᠵᠥᠷᠢᠶ᠎ᠡ ᠪᠠᠨ ᠲᠣᠳᠣᠷᠬᠠᠢ ᠲᠠᠨᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠠᠢ ᠡᠷᠢᠵᠦ᠂ ᠰᠠᠶᠢᠨ ᠲᠠᠯ᠎ᠠ ᠪᠠᠨ ᠪᠠᠳᠠᠷᠠᠭᠤᠯᠤᠨ ᠰᠠᠭᠠᠷᠠᠤ | ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ᠃ ᠬᠠᠷᠠᠯᠲᠠ ᠪᠠᠨ ᠲᠣᠭᠲᠠᠭᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠤ | ᠠᠬᠤᠢ ᠶᠢ ᠬᠥᠭᠵᠢᠭᠦᠯᠬᠦ᠂ ᠠᠷᠪᠢᠯᠠᠵᠤ ᠡᠷᠴᠢᠮᠵᠢᠭᠦᠯᠬᠦ᠂ ᠰᠤᠷᠭᠠᠨ ᠬᠥᠮᠦᠵᠢᠯ ᠡᠮ ᠡᠮᠨᠡᠯᠭᠡ᠂ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠶᠢᠨ ᠡᠨᠧᠷᠭᠢ ᠶᠢᠨ ᠲᠡᠰ᠂ ᠰᠣᠶᠣᠯ ᠤᠨ ᠡᠨᠧᠷᠭᠢ ᠶᠢᠨ ᠲᠡᠰ᠂ ᠵᠠᠰᠠᠯᠲᠠ ᠶᠢᠨ ᠡᠨᠧᠷᠭᠢ ᠶᠢᠨ ᠲᠡᠰ᠂ ᠠᠮᠢ ᠠᠬᠤᠢ ᠶᠢᠨ | ᠡᠨᠧᠷᠭᠢ ᠶᠢᠨ ᠲᠡᠰ᠂ ᠬᠥᠮᠥᠨ ᠠᠮᠠ ᠶᠢᠨ ᠡᠨᠧᠷᠭᠢ ᠶᠢᠨ ᠲᠡᠰ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠠᠵᠤ ᠦᠢᠯᠡᠰ ᠤᠨ ᠰᠠᠭᠤᠷᠢ ᠶᠢ ᠨᠡᠩ | ᠪᠠᠬᠢᠵᠢᠭᠦᠯᠵᠦ᠂ ᠠᠵᠤ ᠠᠬᠤᠢ ᠶᠢᠨ ᠴᠣᠭᠴᠠ ᠶᠢ ᠨᠡᠩ ᠶᠡᠭᠡ᠂ ᠬᠤᠳᠠ ᠶᠢᠨ ᠪᠠᠶᠢᠷᠢ ᠰᠠᠭᠤᠷᠢ ᠶᠢ ᠨᠡᠩ ᠥᠨᠳᠥᠷ᠂ ᠠᠯᠤᠰ ᠢᠷᠡᠭᠡᠳᠦᠢ ᠶᠢ ᠨᠡᠩ ᠭᠤᠶᠤ ᠰᠠᠶᠢᠬᠠᠨ ᠪᠣᠯᠭᠠᠬᠤ ᠪᠠᠷ | ᠴᠢᠷᠮᠠᠶᠢᠬᠤ ᠬᠡᠷᠡᠭᠲᠡᠢ᠃ ᠬᠤᠷᠳᠤᠴᠠ ᠶᠢ ᠲᠦᠷᠭᠡᠳᠬᠡᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠠᠷᠤᠶᠢᠬᠠᠨ | ᠬᠥᠳᠡᠯᠦᠯᠴᠡᠵᠦ᠂ ᠠᠵᠢᠯᠯᠠᠵᠤ᠂ ᠬᠤᠷᠳᠤᠯᠠᠵᠤ᠂ ᠨᠡᠩ ᠶᠡᠭᠡ ᠡᠷᠴᠢᠮ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠠᠳᠬᠤᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ | ᠠᠳᠬᠤᠵᠤ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠳᠬᠤᠵᠤ᠂ ᠳᠠᠪᠠᠭᠤᠯᠢᠭ ᠭᠤᠣᠯᠯᠠᠬᠤ ᠠᠵᠤ ᠦᠢᠯᠡᠰ ᠤᠨ ᠲᠣᠭᠤᠷᠢᠨ ᠳᠤ ᠰᠦ ᠶᠢᠨ ᠦᠢᠯᠡᠰ᠂ ᠴᠡᠪᠡᠷ | ᠡᠨᠧᠷᠭᠢ᠂ ᠰᠢᠨ᠎ᠡ ᠮᠠᠲ᠋ᠧᠷᠢᠶᠠᠯ᠂ ᠣᠳᠣᠬᠢᠴᠢᠯᠠᠭᠰᠠᠨ ᠠᠵᠤ ᠦᠢᠯᠡᠳᠪᠦᠷᠢ᠂ ᠠᠮᠢᠳᠤ ᠪᠣᠳᠠᠰ ᠤᠨ ᠡᠮ ᠡᠮᠨᠡᠯᠭᠡ᠂ ᠲᠣᠮᠣ ᠳ᠋ᠠᠶᠢᠲ᠋ᠠ ᠵᠡᠷᠭᠡ ᠠᠵᠤ ᠦᠢᠯᠡᠰ ᠤᠨ ᠬᠥᠭᠵᠢᠯᠲᠡ ᠶᠢ | ᠰᠠᠶᠢᠲᠤᠷ ᠠᠳᠬᠤᠵᠤ᠂ ᠰᠠᠶᠢᠨ ᠲᠦᠷᠦᠯ ᠵᠦᠢᠯ ᠲᠣᠮᠣ ᠲᠦᠷᠦᠯ ᠵᠦᠢᠯ ᠢᠶᠠᠷ ᠬᠥᠲᠥᠯᠥᠮᠵᠢ ᠪᠣᠯᠭᠠᠵᠤ᠂ ᠬᠥᠭᠵᠢᠯᠲᠡ ᠶᠢᠨ ᠰᠡᠯᠭᠦᠬᠦ ᠬᠦᠴᠦᠨ ᠢ ᠪᠠᠲᠤᠳᠬᠠᠬᠤ ᠬᠡᠷᠡᠭᠲᠡᠢ᠃ ᠡᠯ᠎ᠡ | ᠱᠠᠲᠤᠨ ᠤ ᠤᠳᠤᠷᠢᠳᠤᠯᠭ᠎ᠠ ᠨᠠᠷ ᠲᠦᠷᠦᠭᠦᠯᠡᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ︽ᠡᠷᠴᠢ ᠵᠣᠷᠢᠭ︾ ᠢᠶᠠᠨ | ᠬᠥᠪᠴᠢᠯᠡᠵᠦ᠂ ︽ᠳᠡᠭᠡᠰᠦ︾ ᠪᠣᠯᠣᠨ ᠡᠷᠴᠢᠮᠯᠡᠵᠦ᠂ ᠥᠷᠯᠥᠭᠡ ᠦᠳᠡᠰᠢ ᠶᠢ ᠣᠷᠣᠯᠳᠤᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠣᠷᠣᠨ ᠤ ᠲᠥᠪ ᠬᠤᠲᠠ ᠶᠢ | ᠬᠦᠴᠦᠷᠬᠡᠭᠵᠢᠭᠦᠯᠬᠦ ᠢᠨᠵᠧᠨᠧᠷᠢᠩ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠦᠨᠡᠨᠬᠦ ᠦᠨᠡᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ ︽ᠡᠬᠢᠯᠡᠮᠡᠭᠴᠡ | ᠰᠢᠢᠳᠪᠦᠷᠢᠲᠦ ᠪᠠᠶᠢᠯᠳᠤᠭᠠᠨ᠂ ᠡᠬᠢᠯᠡᠮᠡᠭᠴᠡ ᠰᠢᠪᠲᠤᠯᠤᠯᠲᠠ︾ ᠶᠢᠨ ᠪᠠᠶᠢᠳᠠᠯ ᠢᠶᠠᠷ ᠳᠠᠷᠤᠯᠲᠠ ᠨᠡᠮᠡᠵᠦ ᠬᠦᠴᠦ ᠨᠡᠮᠡᠵᠦ᠂ ᠨᠢᠭᠡᠳᠦᠭᠡᠷ ᠤᠯᠠᠷᠢᠯ ᠳᠤ ᠯᠠᠪᠳᠠᠭᠤᠨ ᠡᠬᠢᠯᠡᠭᠦᠯᠵᠦ᠂ | ᠰᠠᠶᠢᠬᠠᠨ ᠡᠬᠢᠯᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠡᠢ᠃ | ᠾᠧ ᠬᠠᠢ ᠳ᠋ᠦᠩ᠂ ᠴᠠᠩ ᠫᠧᠢ ᠵᠥᠩ᠂ ᠯᠢ ᠵᠢᠶᠦ᠋ᠩ᠂ ᠼᠤᠤ ᠰᠧ ᠶᠠᠩ ᠵᠡᠷᠭᠡ ᠬᠤᠲᠠ ᠶᠢᠨ ᠤᠳᠤᠷᠢᠳᠤᠯᠭ᠎ᠠ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ |