2023 ᠣᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠦᠨᠦᠳᠦᠷ ᠡᠬᠢᠯᠡᠨ᠎ᠡ
ᠨᠡᠶᠢᠲᠡᠯᠡᠭᠰᠡᠨ ᠴᠠᠭ᠄
2023/1/29
      ︵ᠰᠤᠷᠪᠤᠯᠵᠢᠯᠠᠭᠴᠢ ᠸᠠᠩ ᠵᠥᠩ ᠵᠧᠦ︶ ᠰᠤᠷᠪᠤᠯᠵᠢᠯᠠᠭᠴᠢ ᠥᠴᠥᠭᠡᠳᠦᠷ ᠣᠶᠢᠯᠠᠭᠠᠭᠰᠠᠨ ᠨᠢ᠂ ᠥᠨᠥᠳᠥᠷ ᠠᠴᠠ ᠡᠬᠢᠯᠡᠨ᠂ ︽ᠴᠠᠭᠠᠨ ᠰᠠᠷ᠎ᠠ ᠪᠠᠨ ᠪᠠᠶᠠᠷ ᠬᠥᠷ ᠲᠠᠢ ᠥᠩᠭᠡᠷᠡᠭᠦᠯᠦᠶ᠎ᠡ︾ ᠭᠡᠬᠦ ᠭᠤᠣᠯ ᠰᠡᠳᠦᠪᠲᠦ 2023 ᠣᠨ ᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠦᠨᠳᠦᠰᠦᠲᠡᠨ ᠤ ᠲᠢᠶᠠᠲᠷ᠂ ᠬᠤᠨ ᠭᠠᠯᠠᠭᠤ ᠲᠢᠶᠠᠲᠷ ᠲᠤ ᠬᠥᠷ ᠬᠥᠭᠵᠢᠶᠡᠨ ᠲᠠᠢ ᠡᠬᠢᠯᠡᠵᠦ᠂ ᠴᠠᠭᠠᠨ ᠰᠠᠷ᠎ᠠ ᠳᠤ  ᠪᠠᠰᠠ ᠨᠢᠭᠡᠨ ᠰᠣᠶᠣᠯ ᠤᠨ ᠬᠥᠭ ᠠᠶᠠᠰ ᠨᠡᠮᠡᠷᠢᠯᠡᠬᠦ ᠪᠣᠯᠣᠨ᠎ᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠲᠣᠭᠯᠠᠯᠲᠠ ᠶᠢ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠠᠴᠠ ᠭᠤᠣᠯᠯᠠᠨ ᠡᠷᠬᠢᠯᠡᠵᠦ᠂ 2 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ ᠶᠠᠪᠤᠭᠳᠠᠨ᠎ᠠ᠂ ᠲᠣᠭᠯᠠᠯᠲᠠ ᠨᠢ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠢᠶᠠᠷ ᠣᠯᠠᠨ ᠪᠠᠶᠢᠵᠤ᠂ ᠬᠤᠶᠠᠷ ᠬᠥᠮᠥᠨ ᠤ ᠰᠢ ᠵᠦᠴᠦᠭᠡ᠂ ᠱᠠᠨ ᠰᠢ ᠵᠦᠴᠦᠭᠡ  ᠶᠢᠨ ᠲᠣᠭᠯᠠᠯᠲᠠ  ᠶᠢ ᠪᠠᠭᠲᠠᠭᠠᠭᠰᠠᠨ ᠪᠥᠭᠡᠳ ᠲᠣᠭᠯᠠᠯᠲᠠ ᠶᠢ ᠴᠥᠮ ᠣᠶᠢᠷ᠎ᠠ  ᠶᠢᠨ ᠵᠢᠯ ᠤᠳ ᠲᠤ ᠡᠯ᠎ᠡ ᠭᠠᠵᠠᠷ ᠤᠨ ᠲᠣᠭᠤᠷᠢᠨ ᠲᠣᠭᠯᠠᠯᠲᠠ ᠳᠤ ᠣᠷᠣᠯᠴᠠᠭᠰᠠᠨ ᠰᠢᠯᠢᠳᠡᠭ ᠵᠦᠴᠦᠭᠡ  ᠶᠢᠨ ᠳᠣᠲᠣᠷ᠎ᠠ ᠠᠴᠠ ᠨᠠᠷᠢᠨ ᠨᠢᠮᠪᠠᠢ ᠰᠣᠩᠭᠤᠵᠤ᠂ ᠪᠦᠬᠦᠶᠢᠯᠡ ᠲᠣᠭᠯᠠᠯᠲᠠ ᠨᠢ ᠪᠠᠶᠠᠷ ᠬᠥᠷ ᠲᠠᠢ ᠪᠥᠭᠡᠳ ᠥᠯᠵᠡᠢ ᠪᠡᠯᠭᠡ ᠲᠠᠢ ᠰᠢᠨ᠎ᠡ ᠵᠢᠯ ᠤᠨ ᠦᠨᠦᠷ ᠠᠮᠲᠠ ᠲᠠᠢ ᠪᠥᠭᠡᠳ ᠣᠷᠣᠨ ᠨᠤᠲᠤᠭ ᠤᠨ ᠣᠨᠴᠠᠯᠢᠭ ᠢᠶᠠᠷ ᠥᠳᠬᠡᠨ ᠪᠠᠶᠢᠵᠤ᠂  ᠦᠵᠡᠭᠴᠢᠳ ᠲᠦᠮᠡᠨ ᠤ ᠬᠠᠷᠠᠭ᠎ᠠ   ᠰᠣᠨᠤᠷ ᠢ ᠮᠢᠯᠢᠶᠠᠬᠤ ᠪᠣᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ