︵ᠰᠤᠷᠪᠤᠯᠵᠢᠯᠠᠭᠴᠢ ᠮᠢᠶᠣᠣ ᠴᠢᠩ︶ ᠪᠥᠬᠦ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ︽ᠬᠦᠬᠡᠬᠤᠲᠠ ᠶᠢᠨ ᠰᠣᠶᠣᠯ ᠤᠨ | ᠰᠤᠳᠠᠰᠤ︾ ᠠᠴᠠ ᠡᠭᠦᠳᠦᠨ ᠪᠦᠲᠦᠭᠡᠬᠦ ᠣᠢ ᠤᠬᠠᠭᠠᠨ ᠡᠷᠢᠯᠬᠢᠯᠡᠵᠦ᠂ ︽ᠬᠠᠲᠤᠨ ᠭᠤᠣᠯ ᠤᠨ ᠪᠤᠯᠤᠩ᠂ ᠴᠡᠯᠡᠭᠡᠷ ᠲᠠᠯ᠎ᠠ︾ ᠠᠴᠠ ᠠᠵᠤ ᠦᠢᠯᠡᠰ ᠤᠨ | ᠪᠦᠲᠦᠭᠡᠭᠳᠡᠬᠦᠨ ᠤ ᠢᠯᠡᠷᠬᠡᠶᠢᠯᠡᠯ ᠲᠡᠮᠳᠡᠭ ᠣᠯᠬᠤ ᠶᠢ ᠨᠢ ᠬᠦᠳᠦᠯᠦᠨ ᠳᠠᠭᠠᠭᠤᠯᠬᠤ ᠶᠢᠨ ᠲᠥᠯᠥᠭᠡ᠂ 1ᠳ᠋ᠤᠭᠡᠷ ᠰᠠᠷ᠎ᠠ ᠶᠢᠨ 28 ᠤ ᠡᠳᠦᠷ᠂ ᠬᠤᠲᠠ ᠶᠢᠨ | ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ︽ᠴᠡᠯᠡᠭᠡᠷ ᠲᠠᠯ᠎ᠠ ᠶᠢᠨ ᠭᠠᠷ ᠤᠨ ᠪᠡᠯᠡᠭ︾ ᠤᠨ ᠱᠠᠩᠨᠠᠯ ᠭᠥᠷᠳᠡᠭᠰᠡᠨ | ᠪᠦᠲᠦᠭᠡᠭᠳᠡᠬᠦᠨ ᠤ ᠦᠵᠡᠭᠦᠯᠦᠯᠭᠡ ᠵᠢᠩᠬᠢᠨᠢ ᠪᠠᠷ ᠡᠬᠢᠯᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠨ ᠨᠠ ᠦᠵᠡᠭᠦᠯᠦᠯᠭᠡ ᠶᠢ ᠲᠣᠭᠤᠷᠢᠨ | ᠦᠵᠡᠪᠡ᠃ | ᠲᠤᠬᠠᠢ ᠶᠢᠨ ᠲᠠᠯᠠᠪᠠᠢ ᠳᠤ ᠨᠡᠶᠢᠳᠡ 40 ᠭᠠᠷᠤᠢ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠦᠵᠡᠰᠬᠦᠯᠡᠩ ᠳᠤ ᠣᠷᠣᠯᠴᠠᠵᠤ᠂ 100 ᠭᠠᠷᠤᠢ | ᠲᠦᠷᠦᠯ ᠵᠦᠢᠯ᠂ 1000 ᠭᠠᠷᠤᠢ ᠵᠦᠢᠯ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠪᠤᠳᠠᠰ ᠤᠨ ᠪᠤᠰᠤ ᠰᠣᠶᠤᠯ ᠤᠨ ᠥᠪ ᠤᠨ | ᠪᠦᠲᠦᠭᠡᠭᠳᠡᠬᠦᠨ ᠨᠢ ᠬᠥᠬᠡᠬᠤᠲᠠ ᠶᠢᠨ ᠰᠣᠶᠣᠯ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠷᠢᠳᠢ ᠰᠢᠳᠢ ᠶᠢ ᠠᠮᠢᠳᠤᠯᠢᠭ ᠢᠶᠠᠷ ᠢᠯᠡᠷᠡᠭᠦᠯᠦᠭᠰᠡᠨ | ᠪᠠᠶᠢᠨ᠎ᠠ᠃ ᠦᠵᠡᠭᠦᠯᠦᠯᠭᠡ ᠳᠤ ᠣᠷᠣᠯᠴᠠᠭᠰᠠᠨ ᠪᠦᠲᠦᠭᠡᠯ ᠨᠢᠭᠡᠪᠦᠷᠢ ᠨᠢ ᠴᠥᠮ ᠬᠥᠬᠡᠬᠤᠲᠠ ᠶᠢᠨ ᠭᠠᠵᠠᠷ ᠣᠷᠣᠨ ᠤ ᠰᠣᠶᠣᠯ ᠤᠨ ᠣᠨᠴᠠᠯᠢᠭ ᠲᠤ | ᠰᠠᠭᠤᠷᠢᠯᠠᠵᠤ᠂ ᠰᠢᠨ᠎ᠡ ᠶᠢ ᠡᠭᠦᠳᠬᠦ ᠪᠦᠲᠦᠭᠡᠯᠴᠢ ᠡᠯᠧᠮᠧᠨ᠋ᠲ ᠢ ᠨᠡᠶᠢᠳᠬᠡᠬᠦ ᠪᠠᠷ ᠳᠠᠮᠵᠢᠭᠤᠯᠤᠨ᠂ ᠥᠷᠭᠡᠨ ᠬᠠᠷᠠᠭᠠᠰᠤ ᠠᠴᠠ ᠪᠠᠶᠠᠯᠢᠭ ᠰᠠᠶᠢᠬᠠᠨ | ᠤᠷᠭᠤᠭᠤᠯᠤᠨ ᠪᠣᠳᠣᠯᠲᠠ ᠪᠠ ᠪᠦᠲᠦᠭᠡᠯᠴᠢ ᠴᠢᠳᠠᠪᠤᠷᠢ ᠶᠢ ᠢᠯᠡᠷᠡᠭᠦᠯᠵᠦ᠂ ︽ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠨ᠎ᠡ ᠵᠢᠯ ᠴᠠᠭᠠᠨ ᠰᠠᠷ᠎ᠠ︾ | ᠶᠢᠨ ᠣᠨᠴᠠᠯᠢᠭ ᠢ ᠢᠯᠡᠷᠡᠭᠦᠯᠦᠭᠰᠡᠨ ᠪᠠᠶᠢᠨ᠎ᠠ᠃ | ᠦᠵᠡᠭᠦᠯᠦᠯᠭᠡ ᠳᠤ ᠣᠷᠣᠯᠴᠠᠭᠰᠠᠨ 40 ᠭᠠᠷᠤᠢ ᠠᠵᠤ ᠠᠬᠤᠶᠢᠯᠠᠯ᠂ ᠬᠤᠳᠠᠯᠳᠤᠭᠠᠴᠢᠳ ᠤᠨ ᠡᠪᠯᠡᠯ ᠠᠴᠠ ᠪᠠᠰᠠ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ︽ᠣᠷᠣᠨ ᠤ ᠲᠥᠪ ᠢ ᠬᠦᠴᠦᠷᠭᠡᠭᠵᠢᠬᠦᠯᠬᠦ︾᠂ ︽ᠰᠣᠶᠣᠯ ᠤᠨ ᠴᠢᠳᠠᠪᠤᠷᠢ ᠳᠡᠰ︾ ᠢ ᠳᠡᠭᠡᠭᠰᠢᠯᠡᠭᠦᠯᠬᠦ ᠳᠤ ᠬᠤᠪᠢ ᠨᠡᠮᠡᠷᠢ ᠦᠵᠡᠭᠦᠯᠵᠦ ᠦᠯᠢᠭᠡᠷ | ᠳᠠᠭᠤᠷᠢᠶᠠᠯ ᠪᠣᠯᠬᠤ ᠰᠠᠨᠠᠭᠠᠴᠢᠯᠠᠭ᠎ᠠ ᠭᠠᠷᠭᠠᠪᠠ᠃ |