ᠶᠢᠰᠦᠳᠦᠭᠡᠷ ᠪᠦᠯᠦᠭ ᠤᠨ ︽ᠪᠥᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠤ ᠨᠡᠷᠡᠰ ᠢ ᠨᠡᠶᠢᠲᠡᠯᠡᠪᠡ ᠮᠠᠨ ᠤ ᠬᠤᠲᠠ ᠶᠢᠨ ᠬᠤᠶᠠᠷ ᠲᠣᠰᠬᠤᠨ ᠢᠷᠠᠭᠤ ᠠᠯᠳᠠᠷ ᠤᠨ ᠰᠠᠮᠪᠠᠷ᠎ᠠ ᠳᠤ ᠲᠣᠳᠣᠷᠠᠪᠠ
ᠨᠡᠶᠢᠲᠡᠯᠡᠭᠰᠡᠨ ᠴᠠᠭ᠄
2023/1/29
      ︵ᠰᠤᠷᠪᠤᠯᠵᠢᠯᠠᠭᠴᠢ ᠸᠠᠩ ᠵᠥᠩ ᠵᠸᠦ︶ ᠣᠶᠢᠷ᠎ᠠ ᠳᠤ᠂ ᠬᠠᠤᠯᠢ ᠴᠠᠭᠠᠵᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ ᠠᠴᠠ ᠶᠢᠰᠦᠳᠦᠭᠡᠷ ᠪᠦᠯᠦᠭ ᠤᠨ ︽ᠪᠥᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠤ ᠨᠡᠷᠡᠰ ᠢ ᠨᠡᠶᠢᠲᠡᠯᠡᠪᠡ᠂ ᠮᠠᠨ ᠤ ᠬᠤᠲᠠ ᠶᠢᠨ ᠬᠤᠷᠢᠨᠭᠡᠷ ᠰᠢᠶᠠᠨ ᠤ ᠱᠧᠩ ᠯᠧ ᠪᠠᠯᠭᠠᠰᠤᠨ ᠤ ᠲᠠᠶᠢᠵᠢ ᠶᠢᠨ ᠠᠶᠢᠯ ᠲᠣᠰᠬᠤᠨ᠂ ᠲᠣᠭᠲᠠᠬᠤ ᠰᠢᠶᠠᠨ ᠤ ᠰᠢᠨ ᠶᠢᠩ ᠽᠢ ᠪᠠᠯᠭᠠᠰᠤᠨ ᠤ ᠰᠢᠶᠣᠣ ᠺᠧᠦ ᠽᠢ ᠲᠣᠰᠬᠤᠨ ᠨᠡᠷᠡᠰ ᠲᠤ ᠣᠷᠣᠪᠠ᠃      ᠣᠶᠢᠷ᠎ᠠ ᠶᠢᠨ ᠵᠢᠯ ᠤᠨ ᠲᠤᠷᠰᠢ᠂ ᠡᠯ᠎ᠡ ᠭᠠᠵᠠᠷ ᠤᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠠᠮᠵᠢᠯᠠᠨ ᠲᠠᠷᠬᠠᠭᠠᠭᠰᠠᠨ ᠪᠦᠬᠦ ᠤᠯᠤᠰ ᠤᠨ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠦᠪᠵᠢᠭᠦᠯᠭᠡ ᠪᠣᠯᠣᠨ ᠲᠥᠪ ᠤᠨ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠤᠯᠢᠵᠢᠯ ᠤᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠠᠷᠠᠳᠴᠢᠯᠠᠯ ᠢᠶᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠦᠯᠡᠮᠵᠢ ᠣᠯᠠᠨ ᠴᠣᠯᠭᠤᠷᠠᠨ ᠭᠠᠷᠪᠠ᠃ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠶᠢᠨ ᠲᠥᠯᠥᠭᠡ᠂ ᠴᠢᠩᠭ᠎ᠠ ᠨᠢᠮᠪᠠᠢ ᠰᠢᠯᠭᠠᠷᠠᠭᠤᠯᠬᠤ ᠶᠠᠪᠤᠴᠠ ᠶᠢ ᠳᠠᠮᠵᠢᠨ᠂ ᠬᠠᠤᠯᠢ ᠴᠠᠭᠠᠵᠠ ᠶᠢᠨ ᠶᠠᠮᠤᠨ᠂ ᠠᠷᠠᠳ ᠤᠨ ᠶᠠᠪᠤᠳᠠᠯ ᠤᠨ ᠶᠠᠮᠤᠨ ᠠᠴᠠ ᠪᠡᠭᠡᠵᠢᠩ ᠬᠤᠳᠠ ᠶᠢᠨ ᠴᠣᠣᠶᠠᠩ ᠲᠣᠭᠤᠷᠢᠭ ᠤᠨ ᠶᠢᠨ ᠵᠢᠩ ᠰᠢᠶᠠᠩ ᠤᠨ ᠳ᠋ᠦᠩ ᠶᠣᠣ ᠲᠣᠰᠬᠤᠨ ᠵᠡᠷᠭᠡ 1136 ᠲᠣᠰᠬᠤᠨ ︵ᠨᠡᠶᠢᠭᠡᠮ ᠲᠣᠭᠤᠷᠢᠭ︶ ᠢ ᠶᠢᠰᠦᠳᠦᠭᠡᠷ ᠪᠦᠯᠦᠭ ᠤᠨ ︽ᠪᠦᠬᠦ ᠤᠯᠤᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶︾ ᠢᠶᠠᠷ ᠨᠡᠷᠡᠶᠢᠳᠬᠦ ᠪᠠᠷ ᠲᠣᠭᠲᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ