2022 ᠣᠨ ᠤ 12 ᠰᠠᠷ᠎ᠠ ᠶᠢᠨ 31 ᠤ ᠡᠳᠦᠷ᠂ ᠸᠠᠩ ᠯᠢ ᠰᠢᠶᠠ ᠭᠦᠭᠡᠬᠤᠲᠠ ᠳᠤ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ | ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠡᠮᠴᠢᠯᠡᠭᠡ ᠪᠠᠷ ᠠᠪᠤᠷᠠᠨ ᠵᠠᠰᠠᠬᠤ ᠪᠠ ᠡᠮ ᠤᠨ ᠵᠦᠢᠯᠡᠰ ᠤᠨ | ᠬᠠᠩᠭᠠᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃ | ᠸᠠᠩ ᠯᠢ ᠰᠢᠶᠠ ᠪᠦᠯᠬᠦᠮᠳᠡᠯ ᠣᠶᠤᠨᠴᠢ ᠠᠷᠠᠳ ᠲᠤ ᠲᠦᠭᠦᠮ ᠦᠵᠡᠭᠦᠯᠭᠦ ᠵᠢᠱᠢᠶ᠎ᠡ ᠦᠵᠡᠭᠦᠯᠭᠦ ᠵᠠᠬ᠎ᠠ ᠳᠡᠯᠭᠡᠭᠦᠷ ᠲᠤ ᠬᠦᠷᠴᠦ ᠬᠤᠳᠠᠯᠳᠤᠭᠠᠴᠢᠨ ᠡᠷᠦᠭᠡ᠂ ᠡᠵᠡᠩᠨᠡᠭᠴᠢ᠂ | ᠪᠠᠷᠠᠭ᠎ᠠ ᠬᠤᠳᠠᠯᠳᠤᠨ ᠠᠪᠤᠭᠴᠢ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠢᠳᠡᠰᠢᠨ ᠨᠣᠭᠤᠭ᠎ᠠ᠂ ᠮᠢᠬᠠᠨ ᠤ ᠬᠠᠩᠭᠠᠯᠭ᠎ᠠ ᠨᠥᠭᠡᠴᠡ᠂ ᠪᠣᠷᠤᠯᠠᠭᠤᠯᠭ᠎ᠠ ᠶᠢᠨ ᠦᠨ᠎ᠡ ᠬᠠᠩᠰᠢ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ | ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠠᠨ ᠤ ᠢᠷᠡᠯᠲᠡ ᠶᠢᠨ ᠵᠠᠮ ᠢ ᠰᠢᠯᠤᠭᠤᠳᠬᠠᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠡᠯ᠎ᠡ ᠲᠥᠷᠥᠯ ᠤᠨ | ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠲᠥᠷᠥᠯ ᠵᠦᠢᠯ ᠣᠯᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ | ᠭᠡᠪᠡ᠃ ᠴᠢ ᠸᠧᠢ ᠬᠠᠯᠠᠭᠤᠨ ᠲᠣᠭᠤᠭᠠᠨ ᠤ ᠬᠤᠭᠤᠯᠠᠨ ᠭᠡᠷ ᠲᠤ᠂ ᠸᠠᠩ ᠯᠢ ᠰᠢᠶᠠ ᠬᠤᠭᠤᠯᠠᠨ ᠭᠡᠷ ᠤᠨ ᠴᠠᠭᠢᠯᠭᠠᠨ ᠬᠡᠷᠡᠭᠯᠡᠬᠦ ᠬᠡᠢ ᠬᠡᠷᠡᠭᠯᠡᠬᠦ ᠠᠮᠤᠷ ᠲᠦᠪᠰᠢᠨ ᠤ ᠪᠠᠶᠢᠳᠠᠯ ᠢ ᠨᠠᠷᠢᠨ | ᠬᠢᠨᠠᠮᠠᠭᠠᠢ ᠪᠠᠶᠢᠴᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠠᠶᠤᠯ ᠲᠦᠭᠰᠢᠭᠦᠷᠢ ᠭᠡᠮ ᠰᠣᠭᠤᠭ ᠢ | ᠴᠠᠭ ᠲᠤᠬᠠᠢ ᠳᠤᠨᠢ ᠠᠷᠢᠯᠭᠠᠵᠤ᠂ ᠠᠷᠠᠳ ᠤᠯᠠᠨ ᠳᠤ ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠤᠯᠭᠠᠵᠥ ᠦᠭᠭᠦ ᠬᠡᠷᠡᠭᠲᠡᠢ | ᠭᠡᠵᠦ ᠱᠠᠭᠠᠷᠳᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠸᠠᠩ ᠯᠢ ᠰᠢᠶᠠ ᠡᠮᠴᠢᠯᠡᠭᠡᠨ ᠤ ᠡᠳ᠋ ᠪᠣᠳᠠᠰ ᠤᠨ ᠨᠥᠭᠡᠴᠡ ᠪᠣᠯᠣᠨ | ᠠᠪᠤᠷᠠᠨ ᠵᠠᠰᠠᠬᠤ ᠴᠢᠳᠠᠪᠤᠷᠢ ᠶᠢᠨ ᠪᠡᠯᠡᠳᠬᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠤᠨ ᠬᠦᠴᠦᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠵᠦ᠂ ᠡᠷᠡᠭᠦᠯ ᠮᠡᠨᠳᠦ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠭᠡᠵᠦ | ᠴᠢᠬᠤᠯᠠᠴᠢᠯᠠᠪᠠ᠃ ᠲᠢᠶᠠᠨ ᠼᠢ ᠡᠮ ᠡᠮᠨᠡᠯᠭᠡ᠂ ᠭᠦᠸᠧ ᠳ᠋ᠡ ᠡᠮ ᠤᠨ ᠳᠡᠯᠭᠡᠭᠦᠷ᠂ ᠤᠯᠠᠭᠠᠨᠴᠠᠪ ᠵᠡᠭᠦᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠲᠤ᠂ ᠲᠡᠷᠡ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠠᠪᠤᠷᠠᠨ ᠵᠠᠰᠠᠬᠤ ᠡᠮ ᠤᠨ ᠵᠦᠢᠯᠡᠰ ᠤᠨ ᠨᠥᠭᠡᠴᠡ ᠵᠢᠴᠢ ᠬᠠᠩᠭᠠᠯᠭ᠎ᠠ ᠬᠡᠷᠡᠭᠴᠡᠭᠡᠨ ᠤ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠦᠨᠳᠦᠰᠦᠨ ᠱᠠᠲᠤᠨ ᠤ ᠡᠮ ᠤᠨ ᠵᠦᠢᠯᠡᠰ ᠤᠨ ᠨᠥᠭᠡᠴᠡ ᠶᠢᠨ | ᠬᠠᠩᠭᠠᠯᠭ᠎ᠠ ᠶᠢ ᠨᠡᠮᠡᠭᠳᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ᠂ ᠲᠥᠷᠥᠯ ᠬᠤᠪᠢᠶᠠᠨ ᠠᠪᠤᠷᠠᠨ ᠵᠠᠰᠠᠬᠤ ᠶᠢ ᠢᠳᠡᠪᠬᠢᠲᠡᠢ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ | ᠣᠨᠣᠰᠢᠯᠠᠬᠤ᠂ ᠡᠮᠬᠢ ᠵᠢᠷᠤᠮ ᠲᠠᠢ ᠪᠠᠷ ᠰᠢᠯᠵᠢᠭᠦᠯᠦᠨ ᠡᠮᠨᠡᠭᠦᠯᠭᠦ ᠶᠢ ᠪᠡᠶᠡᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠭᠦ ᠡᠮᠦᠨ᠎ᠡ ᠹᠷᠣᠨᠲ ᠤᠨ ᠰᠠᠭᠤᠷᠢᠨ ᠭᠠᠵᠠᠷ ᠢ ᠲᠠᠰᠤᠷᠠᠯᠲᠠ | ᠦᠭᠡᠢ ᠪᠠᠬᠢᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠸᠠᠩ ᡁᠢ ᠴᠢᠶᠠᠩ᠂ ᠪᠦᠦ ᠰᠢᠶᠠᠨ ᠬᠤᠸᠠ ᠲᠤᠰ ᠲᠤᠰ ᠠᠵᠢᠯᠯᠠᠭ᠎ᠠ ᠳᠤ ᠣᠷᠣᠯᠴᠠᠪᠠ᠃ | |