ᠪᠦᠬᠦ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/30
1.30全县加快高质量发展推进会召开.jpg
      1 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠯᠢ ᠯᠢᠦ ᠰᠢᠶᠤᠤ ᠪᠥᠬᠦ ᠰᠢᠶᠠᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ︽ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠠᠯᠳᠤᠭᠤᠯᠤᠭᠰᠠᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠬᠦ ᠭᠤᠤᠯᠳᠠᠯᠭ᠎ᠠ ᠲᠠᠢ ᠠᠵᠢᠯ ᠢ ᠳᠥᠯᠭᠢᠨ ᠠᠬᠢᠭᠤᠯᠬᠤ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠥᠬᠦᠶ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠵᠢᠴᠢ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ ᠤᠨ ᠲᠤᠬᠠᠶ ᠶᠢᠨ ᠲᠠᠯᠠᠪᠤᠷ ᠲᠤ ᠦᠨᠡᠯᠡᠯᠲᠡ ᠬᠢᠵᠦ᠂ ᠱᠠᠭᠠᠷᠳᠠᠯᠭ᠎ᠠ ᠳᠤᠷᠠᠳᠴᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠰᠡᠳᠬᠢᠴᠡ ᠪᠠᠨ ᠤᠯᠠᠮ ᠨᠢᠭᠡ ᠠᠯᠬᠤᠮ ᠡᠮᠬᠢᠯᠡᠨ᠂ ᠭᠤᠤᠯᠳᠠᠯᠭ᠎ᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠳᠥᠯᠭᠢᠨ ᠠᠬᠢᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠢᠶᠠᠷ ᠢᠶᠠᠨ ᠭᠤᠣᠯ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠵᠠ ᠲᠣᠬᠢᠶᠠᠯ ᠢ ᠠᠮᠵᠢᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠲᠥᠷᠥ ᠶᠢᠨ ᠪᠣᠳᠣᠯᠭ᠎ᠠ ᠶᠢᠨ ᠠᠰᠢᠭ ᠢ ᠦᠨᠡᠨᠬᠦ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠬᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠥᠭᠵᠢᠯᠲᠡ ᠶᠢᠨ ᠳᠠᠪᠠᠭᠤᠯᠢᠭ ᠢ ᠵᠤᠵᠠᠭᠠᠳᠬᠠᠬᠤ ᠠᠵᠢᠯ ᠤᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠭᠦᠯᠦᠯᠲᠡ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠦᠵᠡᠯ ᠰᠠᠨᠠᠭ᠎ᠠ ᠪᠠᠨ ᠳᠡᠭᠡᠳᠦ ᠬᠡᠮᠵᠢᠶ᠎ᠡ ᠪᠠᠷ ᠨᠢᠭᠡᠳᠬᠡᠵᠦ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠢ ᠪᠣᠳᠠᠲᠠᠢ ᠲᠦᠷᠦᠯ ᠵᠦᠢᠯ ᠪᠣᠯᠤᠨ ᠪᠣᠳᠠᠲᠠᠢ ᠠᠵᠢᠯᠯᠠᠭ᠎ᠠ ᠪᠣᠯᠭᠠᠨ ᠨᠠᠷᠢᠯᠢᠬᠵᠢᠭᠤᠯᠵᠤ᠂ ᠵᠦᠷᠢᠶ᠎ᠡ ᠪᠠᠨ ᠲᠣᠳᠣᠷᠬᠠᠢ ᠲᠠᠨᠢᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠷᠦᠯᠴᠡᠬᠦ ᠦᠭᠡᠢ ᠲᠠᠯ᠎ᠠ ᠪᠠᠨ ᠣᠨᠣᠪᠴᠢᠲᠠᠢ ᠡᠷᠢᠵᠦ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠬᠥᠮᠦᠵᠢᠭᠦᠯᠵᠦ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ ᠭᠡᠪᠡ᠃      ᠬᠤᠷᠠᠯ ᠠᠴᠠ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠣᠭᠤᠷᠢᠨ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠡᠳᠬᠢᠴᠡ ᠪᠠᠨ ᠲᠣᠳᠣᠷᠬᠠᠢ ᠪᠣᠯᠭᠠᠵᠤ᠂ ᠲᠣᠭᠲᠠᠭᠠᠭᠰᠠᠨ ᠲᠦᠷᠦᠯ ᠵᠦᠢᠯ ᠢᠶᠠᠨ ᠴᠠᠭ ᠲᠤᠬᠠᠢ ᠳᠤᠨᠢ ᠡᠬᠢᠯᠡᠭᠦᠯᠵᠦ᠂ ︽ᠳᠤᠲᠠᠭᠤ ᠲᠤᠷᠭᠤᠨ ᠬᠡᠷᠡᠭᠵᠢᠭᠦᠯᠵᠦ︾ ︽ᠥᠭᠡᠷᠡᠲᠦᠭᠦᠯᠦᠨ ᠬᠡᠷᠡᠭᠵᠢᠭᠦᠯᠵᠦ︾ ︽ᠨᠥᠬᠦᠴᠡᠯ ᠶᠠᠷᠢᠵᠤ︾ ᠪᠣᠯᠬᠤ ᠦᠭᠡᠢ᠂ ᠬᠡᠨ ᠬᠤᠪᠢᠳᠠᠨ ᠬᠠᠮᠢᠶᠠᠷᠪᠠᠯ ᠬᠡᠨ ᠬᠠᠷᠢᠭᠤᠴᠠᠨ᠎ᠠ᠂ ᠬᠢᠵᠦ ᠪᠦᠲᠦᠭᠡᠬᠦ ᠶᠢᠨ ᠲᠥᠯᠥᠭᠡ ᠠᠷᠭ᠎ᠠ ᠪᠤᠳᠤᠬᠤ ᠠᠴᠠ ᠪᠢᠰᠢ ᠬᠠᠷᠢᠨ ᠬᠢᠬᠦ ᠦᠭᠡᠢ ᠶᠢᠨ ᠲᠥᠯᠥᠭᠡ ᠰᠢᠯᠲᠠᠭᠠᠨ ᠡᠷᠢᠵᠦ ᠪᠣᠯᠬᠤ ᠦᠭᠡᠢ ᠭᠡᠵᠦ ᠱᠠᠭᠠᠷᠳᠠᠪᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠶᠢᠴᠢᠯᠠᠵᠦ᠂ ︽ᠡᠷᠴᠢ ᠵᠣᠷᠢᠭ︾ ᠢᠶᠠᠨ ᠬᠥᠪᠴᠢᠯᠡᠵᠦ᠂ ︽ᠨᠢᠭᠡ ᠳᠡᠭᠡᠰᠦ︾ ᠪᠣᠯᠭᠠᠵᠤ᠂ ᠥᠷᠯᠥᠭᠡ ᠦᠳᠡᠰᠢ ᠶᠢ ᠲᠡᠮᠡᠴᠡᠵᠦ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠡᠷᠡᠭᠵᠢᠭᠦᠯᠬᠦ ᠶᠢ ᠴᠢᠩᠭ᠎ᠠ ᠠᠳᠬᠤᠵᠤ᠂ ᠲᠦᠷᠦᠯ ᠵᠦᠢᠯ ᠢ ᠬᠠᠮᠢᠭ᠎ᠠ ᠬᠦᠷᠲᠡᠯ᠎ᠡ ᠰᠢᠮᠳᠠᠭᠤᠯᠤᠨ ᠪᠠᠶᠢᠴᠠᠭᠠᠪᠠᠯ ᠲᠡᠭᠦᠨ ᠢ ᠳᠠᠭᠠᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠴᠠ ᠰᠡᠭᠦᠯᠴᠢ ᠶᠢᠨ ᠬᠤᠭᠤᠴᠠᠭᠠᠨ ᠤ ᠪᠠᠷᠢᠯᠭ᠎ᠠ ᠡᠬᠢᠯᠡᠭᠦᠯᠬᠦ ᠬᠦᠷᠲᠡᠯ᠎ᠡ᠂ ᠪᠠᠷᠢᠯᠭ᠎ᠠ ᠶᠢᠨ ᠶᠠᠰᠤ ᠴᠢᠨᠠᠷ᠂ ᠪᠡᠯᠡ ᠮᠥᠩᠭᠦ ᠰᠢᠯᠵᠢᠭᠦᠯᠦᠨ ᠥᠭᠬᠦ ᠵᠡᠷᠭᠡ ᠶᠠᠪᠤᠴᠠ ᠶᠢ ᠴᠠᠭ ᠲᠤᠬᠠᠢ ᠳᠤᠨᠢ ᠢᠯᠡᠷᠡᠭᠦᠯᠵᠦ ᠴᠠᠭ ᠲᠤᠬᠠᠢ ᠳᠤᠨᠢ ᠮᠡᠳᠡᠭᠡᠯᠡᠬᠦ ᠬᠡᠷᠡᠭᠲᠡᠢ᠃ ︽ᠡᠬᠢᠯᠡᠯᠲᠡ ᠶᠢᠨ ᠬᠤᠭᠤᠴᠠᠭ᠎ᠠ ᠪᠣᠯ ᠰᠢᠢᠳᠪᠦᠷᠢᠲᠦ ᠪᠠᠶᠢᠯᠳᠤᠭᠠᠨ ᠮᠥᠨ᠂ ᠡᠬᠢᠯᠡᠯᠲᠡ ᠶᠢᠨ ᠬᠤᠭᠤᠴᠠᠭ᠎ᠠ ᠪᠣᠯ ᠰᠢᠪᠲᠤᠯᠤᠯᠲᠠ ᠶᠢᠨ ᠬᠤᠭᠤᠴᠠᠭ᠎ᠠ ᠮᠥᠨ︾ ᠭᠡᠬᠦ ᠪᠠᠶᠢᠳᠠᠯ ᠢᠶᠠᠷ ᠳᠠᠷᠤᠯᠲᠠ ᠪᠠ ᠬᠦᠴᠦ ᠨᠡᠮᠡᠵᠦ᠂ ᠨᠢᠭᠡᠳᠦᠭᠡᠷ ᠤᠯᠠᠷᠢᠯ ᠳᠤ ᠡᠭᠦᠳᠡ ᠪᠠᠨ ᠯᠠᠪᠳᠠᠭᠤᠨ ᠢᠶᠠᠷ ᠨᠡᠭᠡᠭᠡᠵᠦ᠂ ᠠᠮᠵᠢᠯᠲᠠ ᠲᠠᠢ ᠡᠬᠢᠯᠡᠯᠲᠡ ᠲᠠᠢ ᠪᠣᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠭᠤᠤ ᠹᠧᠩ᠂ ᠵᠠᠩ ᠴᠢᠤᠸᠠᠨ ᠱᠧᠩ᠂ ᠸᠠᠩ ᠯᠠᠶ ᠵᠤ᠋᠂ ᠶᠠᠨ ᠢ ᠵᠡᠷᠭᠡ ᠰᠢᠶᠠᠨ ᠤ ᠤᠳᠤᠷᠢᠳᠤᠯᠭ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠵᠢᠴᠢ ᠱᠧᠩ ᠯᠧ ᠪᠠᠯᠭᠠᠰᠤᠨ ᠤ ᠭᠤᠤᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ