ᠰᠦᠨ ᠱᠤᠤ ᠴᠧᠩ ᠶᠠᠷᠢᠶ᠎ᠠ ᠲᠠᠯᠪᠢᠵᠤ ᠸᠠᠩ ᠯᠢ ᠰᠢᠶᠠ ᠬᠤᠷᠠᠯ ᠢ ᠡᠷᠬᠢᠯᠡᠵᠦ ᠵᠠᠩ ᠶᠠᠨ ᠺᠦᠨ ᠣᠷᠣᠯᠴᠠᠵᠠᠢ | | | | | | ︵ᠰᠤᠷᠪᠤᠯᠵᠢᠯᠠᠬᠴᠢ ᠯᠢᠤ ᠰᠢᠶᠤᠤ ᠳ᠋ᠦᠩ︶ 1 ᠰᠠᠷ᠎ᠠ ᠶᠢᠨ 29 ᠤ ᠡᠳᠦᠷ᠂ ᠪᠥᠬᠦ ᠣᠷᠣᠨ ᠤ ᠠᠷᠠᠯᠵᠢᠶᠠᠴᠢᠨ ᠤᠷᠢᠵᠤ ᠪᠠᠯᠠ ᠮᠦᠩᠭᠦ ᠤᠷᠤᠭᠤᠯᠤᠨ ᠠᠪᠴᠢᠷᠠᠬᠤ ᠵᠢᠴᠢ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠱᠦᠵᠢ᠂ ᠠᠷᠠᠳ ᠤᠨ ᠲᠥᠯᠥᠭᠡᠯᠡᠭ᠌ᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ | ᠲᠠᠯᠪᠢᠵᠤ᠂ ᠪᠦᠬᠦ ᠣᠷᠣᠨ ᠳᠠᠶᠠᠭᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ | ᠠᠵᠢᠯ ᠢ ᠰᠠᠶᠢᠲᠤᠷ ᠠᠳᠬᠤᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠢᠷᠠᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠬᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ | ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃ | ᠰᠦᠨ ᠱᠤᠤ ᠴᠧᠩ᠂ ᠠᠵᠤ ᠠᠬᠤᠢ ᠶᠢᠨ ᠠᠵᠢᠯ ᠢ ᠠᠳᠬᠤᠬᠤ ᠡᠷᠬᠡᠪᠰᠢ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠬᠡᠷᠡᠭᠲᠡᠢ | ᠂ ᠶᠡᠭᠡ ᠪᠠᠷ ᠠᠷᠠᠯᠵᠢᠶᠠᠴᠢᠨ ᠤᠷᠢᠬᠤ ᠦᠭᠡᠢ ᠪᠣᠯ ᠶᠡᠭᠡ ᠬᠥᠭᠵᠢᠯᠲᠡ ᠪᠠᠶᠢᠵᠤ ᠴᠢᠳᠠᠬᠤ ᠦᠭᠡᠢ᠃ ᠥᠪᠥᠷ ᠮᠣᠩᠭᠤᠯ ᠳᠤ ᠤᠯᠤᠰ ᠤᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ | ᠭᠠᠵᠠᠷ ᠰᠢᠷᠣᠢ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ᠂ ︽ᠪᠣᠬᠢᠷᠲᠤᠯ ᠦᠭᠡᠢ ᠴᠠᠬᠢᠯᠭᠠᠨ︾᠂ ᠠᠵᠤ ᠦᠢᠯᠡᠰ ᠵᠡᠷᠭᠡ ᠤᠯᠠᠨ ᠳᠠᠪᠠᠭᠤᠯᠢᠭ ᠲᠠᠢ ᠶᠤᠮ᠂ ᠡᠯ᠎ᠡ | ᠱᠠᠲᠤᠨ ᠤ ᠬᠢᠨ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠲᠠᠯ᠎ᠠ ᠪᠠᠷ ᠡᠷᠬᠡᠪᠰᠢ ᠢᠲᠡᠭᠡᠯ | ᠲᠡᠭᠦᠯᠳᠡᠷ ᠪᠠᠶᠢᠵᠤ᠂ ᠡᠷᠴᠢ ᠵᠣᠷᠢᠭ ᠢᠶᠠᠨ ᠬᠥᠪᠴᠢᠯᠡᠵᠦ᠂ ᠭᠢᠯᠠᠯᠵᠠᠮ᠎ᠠ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠶᠢᠨ ᠵᠠᠩᠭᠢᠯᠠᠭ᠎ᠠ ᠨᠢ ᠬᠥᠭᠵᠢᠶᠡᠨ ᠶᠡᠬᠡᠲᠡᠢ ᠬᠤᠳᠠᠯᠳᠤᠭ᠎ᠠ | ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠲᠦᠷᠢ ᠲᠥᠷᠬᠦ ᠶᠢ ᠱᠤᠭᠤᠵᠤ᠂ ᠪᠦᠬᠦ | ᠣᠷᠣᠨ ᠳᠠᠶᠠᠭᠠᠷ ᠤᠨ ᠲᠠᠸᠠᠷ ᠤᠨ ᠤᠬᠠᠮᠰᠠᠷ ᠢ ᠴᠢᠩᠭᠠᠳᠭᠠᠵᠤ᠂ ᠬᠤᠳᠠᠯᠳᠤᠭᠠᠨ ᠤ ᠦᠢᠯᠡᠰ ᠤᠨ ᠠᠭᠤᠷ ᠠᠮᠢᠰᠬᠤᠯ ᠢ ᠬᠥᠭᠵᠢᠶᠡᠨ ᠲᠠᠢ ᠪᠤᠯᠭᠠᠬᠤ ᠬᠡᠷᠡᠭᠲᠡᠢ᠃ ᠠᠷᠠᠯᠵᠢᠶᠠᠴᠢᠨ | ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠶᠢᠨ ᠬᠠᠮᠤᠭ ᠤᠨ ᠰᠠᠶᠢᠨ ᠦᠷ᠎ᠡ ᠪᠦᠲᠦᠮᠵᠢ ᠪᠣᠯ ᠲᠠᠷᠤᠢ ᠠᠵᠤ ᠠᠬᠤᠶᠢᠯᠠᠯ ᠪᠠᠶᠠᠵᠢᠵᠤ᠂ ᠣᠷᠣᠨ ᠨᠤᠲᠤᠭ ᠬᠥᠭᠵᠢᠵᠦ᠂ ᠠᠷᠠᠳ | ᠤᠯᠠᠨ ᠠᠰᠢᠭ ᠬᠦᠷᠳᠡᠬᠦ ᠶᠠᠪᠤᠳᠠᠯ ᠪᠣᠯᠣᠨ᠎ᠠ᠂ ᠨᠢᠭᠡ ᠪᠦᠯᠦᠭ ᠲᠤᠮᠤ ᠲᠥᠷᠥᠯ ᠵᠦᠢᠯ ᠰᠠᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠨᠥᠭᠡᠴᠡᠯᠡᠵᠦ᠂ | ᠤᠬᠠᠭᠤᠯᠭ᠎ᠠ ᠲᠠᠨᠢᠯᠴᠠᠭᠤᠯᠭ᠎ᠠ ᠶᠢ ᠨᠢᠮᠪᠠᠢ ᠰᠠᠶᠢᠲᠤᠷ ᠬᠢᠵᠦ᠂ ᠠᠵᠤ ᠠᠬᠤᠶᠢᠯᠠᠯᠲᠠᠨ ᠢ ︽ᠤᠯᠬᠤ ᠵᠣᠭᠤᠰ ᠲᠠᠢ︾ ᠪᠤᠯᠭᠠᠬᠤ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠬᠤᠬᠢᠷᠠᠭᠤᠯᠤᠭᠰᠠᠨ ᠠᠵᠢᠯᠯᠠᠭ᠎ᠠ ᠶᠢ ︽ᠤᠬᠳᠤ ᠠᠭᠤᠴᠢᠯᠠᠬᠤ ᠦᠭᠡᠢ︾ ᠪᠠᠶᠢᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ | ᠬᠡᠮᠵᠢᠶ᠎ᠡ ᠪᠠᠷ ᠪᠠᠲᠤᠯᠠᠵᠤ᠂ ᠠᠵᠤ ᠠᠬᠤᠶᠢᠯᠠᠯ ᠤᠨ ᠳᠦᠷᠢᠮ ᠳᠤ ᠨᠡᠶᠢᠴᠡᠬᠦ ᠳᠦᠷᠢᠮ ᠤᠨ ᠬᠡᠷᠡᠭᠯᠡᠬᠦ ᠬᠡᠪᠴᠢᠶ᠎ᠡ ᠪᠠ | ᠬᠠᠮᠤᠷᠬᠤ ᠨᠣᠷᠮ᠎ᠠ ᠶᠢ ᠥᠷᠭᠡᠳᠭᠡᠵᠦ᠂ ᠠᠵᠤ ᠠᠬᠤᠶᠢᠯᠠᠯᠲᠠᠨ ᠢ ︽ᠰᠠᠨᠠᠭ᠎ᠠ ᠠᠮᠤᠷ ᠪᠠᠶᠢᠯᠭᠠᠬᠤ︾ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ︽ᠦᠢᠯᠡᠴᠢᠯᠡᠭᠴᠢ︾ ᠶᠢᠨ | ᠠᠵᠢᠯ ᠢ ᠰᠠᠶᠢᠲᠤᠷ ᠬᠢᠵᠦ᠂ ᠠᠵᠢᠯ ᠬᠢᠬᠦ ᠳᠡᠭᠡᠨ ︽ᠤᠳᠠᠭᠠᠨ︾ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠳᠠᠭᠤᠳᠠᠬᠤ ᠦᠭᠡᠢ ᠪᠤᠯ ᠬᠠᠷᠰᠢᠯᠠᠬᠤ ᠦᠭᠡᠢ ᠪᠠᠶᠢᠵᠤ᠂ | ᠳᠠᠭᠤᠳᠠᠮᠠᠭᠴᠠ ᠬᠦᠷᠴᠦ ᠢᠷᠠᠨ᠂ ᠠᠵᠤ ᠠᠬᠤᠶᠢᠯᠠᠯᠲᠠᠨ ᠢ ︽ᠳᠡᠭᠡᠳᠦ ᠵᠣᠴᠢᠨ︾ ᠪᠣᠯᠭᠠᠬᠤ ᠬᠡᠷᠡᠭᠲᠡᠢ᠃ ᠵᠠᠰᠠᠭ ᠤᠨ ᠣᠷᠳᠣᠨ ᠪᠠ | ᠠᠷᠡᠯᠵᠢᠶᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠨᠢᠭᠡᠳᠦᠯᠲᠡᠢ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠠᠵᠤ ᠠᠬᠤᠶᠢᠯᠠᠯᠲᠠᠨ ᠢ ︽ᠭᠡᠷ ᠤᠨ ᠬᠥᠮᠦᠰ︾ ᠲᠠᠢ ᠪᠠᠨ ᠠᠳᠠᠯᠢ | ᠦᠵᠡᠵᠦ᠂ ᠥᠷᠭᠡᠨ ᠤᠯᠠᠨ ᠠᠷᠠᠳ ᠤᠨ ᠡᠵᠡᠩᠨᠡᠯᠳᠠ ᠶᠢᠨ ᠠᠵᠤ ᠠᠬᠤᠶᠢᠯᠠᠯ ᠢ ᠲᠠᠬᠢᠨ ︽ᠨᠢᠭᠤᠭᠳᠠᠮᠠᠯ ᠲᠦᠷᠢᠮ︾ ᠳᠤ ᠪᠠᠷᠢᠭᠳᠠᠬᠤ ᠦᠭᠡᠢ ᠪᠣᠯᠭᠠᠬᠤ ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠳᠤ᠂ ᠠᠵᠢᠯ ᠤᠨ ᠠᠶᠢᠵᠠᠮ ᠢ ᠡᠷᠬᠡᠪᠰᠢ ᠲᠦᠷᠭᠡᠳᠭᠡᠵᠦ᠂ | ᠳᠡᠭᠡᠷ᠎ᠡ ᠠᠴᠠ ᠳᠣᠷᠣᠭᠰᠢ ᠪᠦᠷ ︽ᠬᠥᠭᠵᠢᠶᠡᠨᠲᠡᠢ︾ ᠪᠣᠯᠭᠠᠬᠤ ᠬᠡᠷᠡᠭᠲᠡᠢ᠃ ᠪᠥᠬᠦ ᠣᠷᠣᠨ ᠢᠶᠠᠷ ᠢᠶᠠᠨ ︽ᠨᠢᠭᠡ ᠬᠥᠯᠭᠡ ᠰᠢᠲᠠᠷ᠎ᠠ ᠪᠤᠯᠬᠤ︾ ᠶᠢ ᠪᠠᠷᠢᠮᠲᠠᠯᠠᠵᠤ᠂ ᠡᠯ᠎ᠡ | ᠭᠠᠵᠠᠷ ᠤᠨ ᠬᠢᠨ ᠠᠳᠠᠯᠢᠳᠬᠠᠵᠤ ᠰᠤᠷᠤᠯᠴᠠᠨ ᠭᠦᠢᠴᠡᠵᠤ ᠬᠠᠪᠰᠤᠷᠤᠨ ᠬᠠᠮᠳᠤ ᠪᠠᠷ ᠬᠢᠵᠤ᠂ ᠨᠢᠭᠡ ᠯᠡ ᠬᠡᠪᠰᠢᠯ ᠳᠤ ᠪᠠᠷᠢᠭᠳᠠᠬᠤ ᠥᠬᠡᠶ ᠪᠠᠷ ᠵᠣᠷᠢᠭᠲᠠᠢ ᠪᠠᠷ ᠬᠠᠶᠢᠨ | ᠰᠦᠪᠡᠭᠴᠢᠯᠡᠨ ᠦᠢᠯᠡᠳᠦᠯᠭᠡᠵᠢᠭᠦᠯᠵᠦ᠂ ᠠᠵᠤ ᠠᠬᠤᠶᠢᠯᠠᠯ ᠪᠣᠯᠤᠨ ᠬᠤᠳᠠᠯᠳᠤᠭᠠᠴᠢᠳ ᠤᠨ ᠡᠪᠯᠡᠯ ᠵᠡᠷᠭᠡ ᠶᠢᠨ ᠦᠢᠯᠡᠳᠦᠯ ᠢ ᠪᠠᠳᠠᠷᠠᠭᠤᠯᠬᠤ ᠶᠢ ᠨᠠᠩ | ᠴᠢᠬᠤᠯᠠᠴᠢᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠳᠤ ᠪᠤᠲᠠᠲᠠᠢ ᠠᠵᠢᠯᠯᠠᠭ᠎ᠠ ᠶᠢ ᠦᠵᠡᠬᠦ ᠪᠦᠭᠡᠳ ᠨᠡᠩ ᠴᠦ ᠦᠷ᠎ᠡ ᠳ᠋ᠦᠩ ᠢ | ᠦᠵᠡᠵᠦ᠂ ᠪᠡᠯᠡ ᠮᠥᠩᠭᠦ ᠶᠢ ᠪᠣᠳᠠᠲᠠᠶᠢᠵᠢᠭᠤᠯᠤᠭᠰᠠᠨ᠂ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠢᠶᠠᠨ ᠭᠤᠣᠯᠳᠠᠯᠭ᠎ᠠ ᠲᠠᠢ ᠦᠵᠡᠵᠦ᠂ ᠵᠢᠯ ᠤᠨ ᠡᠴᠦᠰ ᠲᠤ ᠳᠠᠩᠰᠠ | ᠪᠣᠳᠣᠵᠤ᠂ ᠱᠠᠩᠨᠠᠵᠤ ᠲᠣᠷᠭᠠᠬᠤ ᠪᠠᠨ ᠲᠣᠳᠣᠷᠬᠠᠶ ᠪᠠᠶᠢᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ | ᠡᠭᠦᠷᠭᠡᠯᠡᠵᠦ᠂ ᠠᠵᠢᠯ ᠢᠶᠠᠨ ᠪᠣᠳᠠᠲᠠᠢ ᠬᠢᠵᠦ᠂ ᠺᠠᠳ᠋ᠷᠴᠤᠳ ᠲᠤ ᠢᠯᠡᠭᠦᠬᠡᠨ ᠲᠦᠰᠢᠭ ᠲᠤᠯᠭᠠᠭᠤᠷᠢ ᠪᠤᠯᠵᠤ ᠦᠨᠳᠦᠰᠦᠨ ᠵᠦᠢᠯ ᠢ ᠨᠢ ᠪᠠᠲᠤᠯᠠᠵᠤ᠂ ᠡᠷᠴᠢ ᠵᠣᠷᠢᠭ ᠢ ᠨᠢ | ᠬᠥᠪᠴᠢᠯᠡᠵᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠤᠨ ᠳᠤᠮᠳᠠ ᠠᠴᠠ ᠺᠠᠳ᠋ᠷ ᠢ ᠢᠯᠡᠷᠡᠭᠦᠯᠬᠦ ᠪᠠ ᠬᠡᠷᠡᠭᠯᠡᠬᠦ ᠳᠡᠭᠡᠨ ᠴᠢᠳᠠᠮᠠᠭᠠᠢ ᠪᠠᠶᠢᠬᠤ | ᠬᠡᠷᠡᠭᠲᠡᠢ ᠭᠡᠵᠦ ᠬᠡᠯᠡᠪᠡ᠃ | ᠰᠦᠨ ᠱᠤᠤ ᠴᠧᠩ᠂ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠠᠵᠢᠯ ᠢ ᠠᠳᠬᠤᠬᠤ ᠳᠤ ︽ᠶᠡᠭᠡ︾ ᠶᠢ ᠠᠳᠬᠤᠬᠤ ᠮᠦᠷᠳᠡᠭᠡᠨ ︽ᠪᠠᠭ᠎ᠠ︾ ᠶᠢ | ᠥᠯᠥ ᠤᠮᠠᠷᠳᠠᠬᠤ᠂ ︽ᠰᠢᠨ᠎ᠡ︾ ᠶᠢ ᠬᠦᠭᠡᠭᠡᠴᠡᠯᠳᠦᠬᠦ ᠮᠦᠷᠳᠡᠭᠡᠨ ︽ᠬᠠᠭᠤᠴᠢᠨ︾ ᠠᠴᠠ ᠦᠯᠦ ᠬᠠᠯᠠᠰᠢᠷᠠᠬᠤ ᠶᠢ ᠪᠠᠷᠢᠮᠳᠠᠯᠠᠵᠤ᠂ ᠶᠡᠭᠡ ᠪᠠᠭ᠎ᠠ ᠲᠦᠷᠦᠯ ᠵᠦᠢᠯ ᠢ | ᠠᠳᠠᠯᠢᠬᠠᠨ ᠢᠶᠠᠷ ᠴᠢᠬᠤᠯᠠᠴᠢᠯᠠᠵᠤ᠂ ᠰᠢᠨ᠎ᠡ ᠬᠠᠭᠤᠴᠢᠨ ᠠᠵᠤ ᠠᠬᠤᠶᠢᠯᠠᠯ ᠳᠤ ᠠᠳᠠᠯᠢᠬᠠᠨ ᠬᠠᠨᠳᠤᠵᠤ᠂ ᠠᠳᠠᠯᠢᠬᠠᠨ ᠦᠢᠯᠡᠴᠢᠯᠡᠭᠡᠨ ᠤ ᠪᠠᠲᠤᠯᠠᠭ᠎ᠠ ᠪᠠ ᠲᠦᠷᠦ ᠶᠢᠨ | ᠪᠣᠳᠣᠯᠭ᠎ᠠ ᠶᠢᠨ ᠳᠡᠮᠵᠢᠯᠭᠡ ᠬᠠᠩᠭᠠᠬᠤ ᠬᠡᠷᠡᠭᠲᠡᠢ᠃ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ ᠢᠶᠠᠷ ᠳᠠᠷᠤᠶᠢᠬᠠᠨ ᠬᠥᠳᠡᠯᠦᠯᠴᠡᠵᠦ᠂ ᠣᠷᠣᠨ ᠤ ᠬᠠᠷᠢᠶ᠎ᠠ ᠪᠥᠬᠦᠶ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠭᠳᠠᠯ ᠢᠶᠠᠨ ᠬᠤᠪᠢᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠵᠤ ᠬᠦᠴᠦᠷᠬᠡᠭᠵᠢᠭᠦᠯᠦᠨ ᠰᠢᠯᠢᠳᠡᠭᠵᠢᠭᠦᠯᠬᠦ ᠶᠢ ᠲᠦᠷᠭᠡᠳᠬᠡᠬᠦ ᠬᠡᠷᠡᠭᠲᠡᠢ ᠭᠡᠵᠦ ᠬᠡᠯᠡᠪᠡ᠃ | ᠬᠤᠷᠠᠯ ᠠᠴᠠ 2022 ᠣᠨ ᠤ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠪᠠ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ 2023 ᠣᠨ ᠤ ᠠᠷᠠᠯᠵᠢᠶᠠᠴᠢᠨ ᠤᠷᠢᠵᠤ ᠪᠡᠯᠡ ᠮᠦᠩᠭᠦ ᠤᠷᠤᠭᠤᠯᠤᠨ ᠠᠪᠴᠢᠷᠠᠬᠤ ᠬᠠᠷᠠᠯᠲᠠ ᠡᠭᠦᠷᠭᠡ ᠶᠢᠨ | ᠪᠢᠴᠢᠭ ᠢ ᠪᠠᠭᠤᠯᠭᠠᠪᠠ᠃ ᠬᠥᠬᠡᠬᠤᠲᠠ᠂ ᠪᠤᠭᠤᠲᠤ᠂ ᠣᠷᠳᠣᠰ᠂ ᠤᠯᠠᠭᠠᠨᠬᠠᠳᠠ᠂ ᠤᠯᠠᠭᠠᠨᠴᠠᠪ ᠵᠡᠷᠭᠡ 5 ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠠᠨᠠᠯ ᠢᠶᠠᠨ ᠰᠣᠯᠢᠯᠴᠠᠬᠤ | ᠦᠭᠡ ᠬᠡᠯᠡᠪᠡ᠃ | ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠢ | ᠲᠤᠬᠢᠷᠠᠭᠤᠯᠪᠠ᠃ ᠬᠤᠷᠠᠯ ᠠᠴᠠ ᠡᠮᠦᠨ᠎ᠡ᠂ ᠮᠤᠵᠢ ᠶᠢᠨ ᠲᠡᠰ ᠤᠨ ᠤᠳᠤᠷᠢᠳᠬᠤ ᠨᠥᠬᠦᠳ ᠪᠦᠬᠦ ᠣᠷᠣᠨ ᠵᠢᠴᠢ ᠡᠯ᠎ᠡ ᠠᠶᠢᠮᠠᠭ ᠬᠤᠳᠠ ᠶᠢᠨ ᠠᠷᠠᠯᠵᠢᠶᠠᠴᠢᠨ ᠤᠷᠢᠵᠤ ᠪᠡᠯᠡ | ᠮᠦᠩᠭᠦ ᠤᠷᠤᠭᠤᠯᠤᠨ ᠠᠪᠴᠢᠷᠠᠬᠤ 2022 ᠣᠨ ᠤ ᠠᠵᠢᠯ ᠤᠨ ᠦᠷ᠎ᠡ ᠪᠦᠲᠦᠮᠵᠢ᠂ 2023 ᠣᠨ ᠤ ᠭᠤᠣᠯ ᠡᠭᠦᠷᠭᠡ ᠶᠢᠨ ᠦᠵᠡᠭᠦᠯᠭᠡ ᠶᠢ ᠲᠣᠭᠤᠷᠢᠨ ᠦᠵᠡᠪᠡ᠃ | |