ᠬᠥᠬᠡᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 15.5% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/1/30
      ︵ᠰᠤᠷᠪᠤᠯᠵᠢᠯᠠᠭᠴᠢ ᠶᠠᠩ ᠼᠠᠢ ᠰᠢᠶᠠ︶ ᠣᠶᠢᠷ᠎ᠠ ᠶᠢᠨ ᠡᠳᠦᠷ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 2022 ᠣᠨ ᠳᠤ ᠮᠠᠨ ᠤ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ 2022 ᠣᠨ ᠤ ᠰᠡᠭᠦᠯᠴᠢ ᠪᠣᠯᠬᠤ ᠳᠤ ᠪᠦᠬᠦ ᠬᠤᠳᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 17091.6 ᠲᠥᠭᠦᠷᠢᠭ ᠬᠦᠷᠴᠦ᠂ 2021 ᠣᠨ ᠤ  ᠬᠢ ᠠᠴᠠ 2295.9 ᠲᠥᠭᠦᠷᠢᠭ ᠨᠡᠮᠡᠭᠳᠡᠵᠦ᠂ 15.5% ᠨᠡᠮᠡᠭᠳᠡᠵᠡᠢ᠃      ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ᠮᠠᠨ ᠤ ᠬᠤᠲᠠ ᠨᠡᠶᠢᠲᠡ 21.47 ᠲᠦᠮᠡᠨ ᠲᠠᠷᠢᠶᠠᠴᠢᠨ ᠡᠷᠦᠬᠡ ᠶᠢᠨ 48.72 ᠲᠦᠮᠡᠨ ᠬᠥᠮᠥᠨ ᠢ ᠪᠠᠶᠢᠴᠠᠭᠠᠵᠤ᠂ ︽ᠠᠷᠪᠠᠨ ᠲᠥᠷᠥᠯ ᠤᠨ ᠭᠤᠣᠯᠳᠠᠯᠭ᠎ᠠ ᠲᠠᠢ ᠬᠥᠮᠥᠰ︾ ᠢ ᠲᠥᠪᠯᠡᠷᠡᠭᠦᠯᠦᠨ ᠬᠢᠨᠠᠨ ᠠᠵᠢᠭᠯᠠᠬᠤ ᠪᠠ ᠪᠥᠬᠦ ᠲᠠᠷᠢᠶᠠᠴᠢᠨ ᠡᠷᠦᠬᠡ ᠶᠢ ᠪᠥᠬᠦ ᠲᠠᠯ᠎ᠠ ᠪᠠᠷ ᠪᠠᠶᠢᠴᠠᠭᠠᠪᠠ ᠃ ᠬᠢᠨᠠᠨ ᠠᠵᠢᠭᠯᠠᠵᠤ ᠣᠯᠣᠭᠰᠠᠨ ᠠᠶᠤᠯ ᠲᠦᠭᠰᠢᠭᠦᠷᠢ ᠶᠢᠨ ᠴᠡᠭ ᠲᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠤᠨ ᠪᠣᠳᠠᠲᠠᠢ ᠪᠠᠶᠢᠳᠠᠯ ᠢ ᠨᠢ ᠦᠨᠳᠦᠰᠦᠯᠡᠨ ᠡᠮ ᠡᠮᠨᠡᠯᠭᠡ ᠡᠷᠡᠭᠦᠯ ᠮᠡᠨᠳᠦ᠂ ᠰᠤᠷᠭᠠᠨ ᠬᠥᠮᠦᠵᠢᠯ ᠢᠶᠠᠷ ᠬᠠᠪᠰᠤᠷᠤᠨ ᠲᠡᠳᠬᠦᠬᠦ᠂ ᠣᠷᠣᠨ ᠰᠠᠭᠤᠴᠠ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ ᠪᠠᠷ ᠦᠨᠳᠦᠰᠦᠨ ᠵᠦᠢᠯ ᠢ ᠪᠠᠲᠤᠯᠠᠬᠤ ᠵᠡᠷᠭᠡ ᠪᠠᠷ ᠶᠡᠷᠦᠩᠬᠡᠶᠢᠯᠡᠨ ᠬᠠᠪᠰᠤᠷᠤᠨ ᠲᠡᠳᠬᠦᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠢ ᠶᠠᠳᠠᠭᠤᠷᠠᠬᠤ ᠲᠠᠬᠢᠨ ᠶᠠᠳᠠᠭᠤᠷᠠᠬᠤ ᠦᠵᠡᠭᠳᠡᠯ ᠭᠠᠷᠬᠤ ᠦᠭᠡᠢ ᠪᠠᠶᠢᠬᠤ ᠠᠵᠢᠯ ᠤᠨ ᠬᠤᠷᠢᠭ᠎ᠠ ᠱᠤᠭᠤᠮ ᠢ ᠴᠢᠩᠭ᠎ᠠ ᠰᠠᠬᠢᠪᠠ᠃      ︽ᠮᠠᠨ ᠤ ᠬᠤᠲᠠ ᠪᠠᠲᠤᠯᠠᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ 2778.73 ᠲᠦᠮᠡᠨ ᠲᠥᠭᠦᠷᠢᠭ ᠤᠨ ︿ᠶᠠᠳᠠᠭᠤᠷᠠᠬᠤ ᠶᠢ ᠰᠡᠷᠭᠡᠶᠢᠯᠡᠬᠦ ᠳᠠᠭᠠᠳᠬᠠᠯ﹀ ᠤᠨ ᠪᠡᠯᠡ ᠮᠥᠩᠭᠦ ᠭᠠᠷᠭᠠᠵᠤ᠂ ᠬᠥᠳᠡᠭᠡ ᠲᠣᠰᠬᠤᠨ ᠤ 19.71 ᠲᠦᠮᠡᠨ ᠡᠷᠦᠬᠡ ᠶᠢᠨ 61.46 ᠲᠦᠮᠡᠨ ᠬᠥᠮᠥᠨ ᠢ ᠬᠠᠮᠤᠷᠪᠠ᠃ ᠣᠲᠣ ᠪᠣᠯᠬᠤ ᠳᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠠᠵᠢᠭᠯᠠᠬᠤ ᠡᠷᠦᠬᠡ ᠶᠢ ᠪᠦᠬᠦᠨ ᠢ ᠬᠡᠷᠡᠭᠴᠡᠭᠡ ᠳᠤᠨᠢ ᠲᠣᠬᠢᠷᠠᠭᠤᠯᠤᠨ ᠬᠠᠪᠰᠤᠷᠤᠨ ᠲᠡᠳᠬᠦᠵᠦ᠂ ᠶᠠᠳᠠᠭᠤᠷᠠᠬᠤ ᠪᠤᠶᠤ ᠳᠠᠬᠢᠨ ᠶᠠᠳᠠᠭᠤᠷᠠᠭᠰᠠᠨ ᠦᠭᠡᠢ᠃ ᠪᠦᠬᠦ ᠬᠤᠲᠠ ᠳᠤ ᠢᠳᠡᠬᠦ ᠠᠶᠤᠯᠭᠦᠢ ᠤᠰᠤᠨ ᠳᠤ ᠬᠦᠴᠢᠷᠳᠡᠭᠰᠡᠨ ᠡᠷᠦᠭᠡ ᠦᠭᠡᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ᠰᠤᠷᠤᠯᠭ᠎ᠠ ᠪᠠᠨ ᠳᠤᠲᠠᠭᠤ ᠵᠣᠭᠰᠣᠭᠰᠠᠨ ᠪᠠᠶᠢᠳᠠᠯ ᠦᠭᠡᠢ᠂ ᠪᠣᠶ ᠪᠦᠬᠦᠢ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠨ ᠰᠠᠭᠤᠴᠠ ᠶᠢᠨ ᠠᠶᠤᠯᠭᠦᠢ᠂ ᠦᠨᠳᠦᠰᠦᠨ ᠡᠮᠴᠢᠯᠡᠭᠡ᠂ ᠢᠳᠡᠬᠦ ᠤᠰᠤᠨ ᠤ ᠠᠶᠤᠯᠭᠦᠢ ᠴᠥᠮ ᠪᠠᠲᠤᠯᠠᠭ᠎ᠠ ᠲᠠᠢ ᠪᠣᠯᠵᠠᠢ᠃︾ ᠭᠡᠵᠦ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠳᠡᠳ᠋ ᠳᠠᠷᠤᠭ᠎ᠠ ᠱᠢ ᠯᠢ ᠵᠢᠶᠦ᠋ᠨ ᠲᠠᠨᠢᠯᠴᠠᠭᠤᠯᠪᠠ᠃      2022 ᠣᠨ ᠤ ᠡᠴᠦᠰ ᠪᠣᠯᠲᠠᠯ᠎ᠠ᠂ ᠮᠠᠨ ᠤ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠨᠡᠶᠢᠲᠡ 25409 ᠡᠷᠦᠬᠡ 52437 ᠬᠥᠮᠥᠨ᠂ ᠬᠢᠨᠠᠨ ᠠᠵᠢᠭᠯᠠᠬᠤ ᠡᠷᠦᠬᠡ ᠨᠡᠶᠢᠲᠡ 838 ᠡᠷᠦᠬᠡ 1584 ᠬᠥᠮᠥᠨ ᠪᠠᠶᠢᠵᠤ᠂ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠬᠥᠮᠥᠨ ᠳᠤᠮᠳᠠᠴᠢ ᠶᠢᠨ ᠴᠡᠪᠡᠷ ᠣᠷᠣᠯᠭ᠎ᠠ 17091.6 ᠲᠥᠭᠦᠷᠢᠭ ᠬᠦᠷᠴᠦ᠂ 2021 ᠣᠨ ᠤ ᠬᠢ ᠠᠴᠠ 2295.9 ᠲᠥᠭᠦᠷᠢᠭ ᠨᠡᠮᠡᠭᠳᠡᠵᠡᠢ ᠃ ᠣᠷᠣᠯᠭ᠎ᠠ ᠶᠢᠨ ᠪᠦᠲᠦᠴᠡ ᠠᠴᠠ ᠦᠵᠡᠪᠡᠯ᠂ ᠰᠢᠯᠵᠢᠯᠲᠡ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠣᠭᠲᠠᠭᠤᠨ ᠪᠠᠶᠢᠵᠤ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠡᠢ᠃ ᠦᠢᠯᠡᠳᠪᠦᠷᠢᠯᠡᠯ ᠡᠵᠡᠩᠨᠡᠯᠲᠡ ᠪᠠ ᠴᠠᠯᠢᠩ ᠤᠨ ᠴᠢᠨᠠᠷᠲᠠᠢ ᠣᠷᠣᠯᠭ᠎ᠠ ᠵᠢᠴᠢ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠯᠢᠶᠡᠳ ᠶᠡᠭᠡ ᠪᠠᠶᠢᠵᠤ᠂ ᠭᠤᠣᠯᠯᠠᠬᠤ ᠪᠠᠶᠢᠷᠢ ᠶᠢ ᠡᠵᠡᠯᠡᠵᠦ᠂ ︽ᠨᠡᠭᠡᠭᠡᠨ ᠬᠥᠭᠵᠢᠭᠦᠯᠬᠦ ᠮᠠᠶ᠋ᠢᠭ︾᠂ ︽ᠴᠢᠰᠤ ᠪᠦᠲᠦᠭᠡᠬᠦ ᠮᠠᠶ᠋ᠢᠭ︾ ᠤᠨ ᠬᠠᠪᠰᠤᠷᠤᠨ ᠲᠡᠳᠬᠦᠬᠦ ᠦᠷ᠎ᠡ ᠪᠦᠲᠦᠮᠵᠢ ᠲᠣᠪᠣᠶᠢᠮ᠎ᠠ ᠮᠡᠳᠡᠭᠳᠡᠵᠦ᠂ ᠶᠠᠳᠠᠭᠤ ᠠᠴᠠ ᠠᠩᠭᠢᠵᠢᠷᠠᠭᠰᠠᠨ ᠤᠯᠠᠨ ᠲᠦᠮᠡᠨ ᠤ ᠳᠣᠲᠣᠭᠠᠳᠤ ᠬᠥᠳᠡᠯᠭᠡᠭᠦ ᠬᠦᠴᠦᠨ ᠪᠠ ᠬᠥᠭᠵᠢᠯᠲᠡ ᠶᠢᠨ ᠴᠢᠳᠠᠪᠤᠷᠢ ᠢᠯᠡᠳᠲᠡ ᠴᠢᠩᠭᠠᠷᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ