ᠮᠠᠨ ᠤ ᠬᠤᠲᠠ ᠶᠢᠨ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠤᠨ ᠲᠥᠷᠥᠯ ᠵᠦᠢᠯ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ
ᠨᠡᠶᠢᠲᠡᠯᠡᠭᠰᠡᠨ ᠴᠠᠭ᠄
2023/1/31
      ︵ᠰᠤᠷᠪᠤᠯᠵᠢᠯᠠᠭᠴᠢ ᠰᠥᠩ ᠰᠢᠶᠠᠩ ᠬᠤᠸᠠ︶ 1 ᠳ᠋ᠦ᠋ᠭᠡᠷ ᠰᠠᠷ᠎ᠠ ᠶᠢᠨ 30 ᠤ ᠡᠳᠦᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠣᠶᠢᠯᠠᠭᠠᠭᠰᠠᠨ  ᠨᠢ᠂ ᠮᠠᠨ ᠤ ᠬᠤᠲᠠ ᠶᠢᠨ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠤᠨ ᠲᠥᠷᠥᠯ ᠵᠦᠢᠯ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃      ᠣᠶᠢᠯᠠᠭᠠᠭᠰᠠᠨ ᠢᠶᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠲᠤᠬᠠᠶᠢᠯᠠᠭᠰᠠᠨ ᠠᠵᠢᠯ ᠤᠨ ᠬᠠᠮᠵᠢᠯᠴᠠᠭᠠᠨ ᠤ ᠲᠠᠪᠴᠠᠩ ᠢ ᠪᠠᠶᠢᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠥᠭᠡᠷᠡᠴᠢᠯᠡᠯᠲᠡ ᠳᠤ ᠬᠦᠴᠦᠨ ᠨᠡᠮᠡᠷᠢᠯᠡᠵᠦ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠬᠤ ᠶᠢᠨ ᠬᠠᠮᠲᠤ ᠡᠬᠡ ᠤᠯᠤᠰ ᠤᠨ ᠤᠮᠠᠷᠠᠲᠤ ᠬᠢᠯᠢ ᠶᠢᠨ ᠣᠨᠴᠠᠭᠠᠶ ᠭᠠᠵᠠᠷ ᠵᠦᠢ ᠶᠢᠨ ᠪᠠᠶᠢᠷᠢᠰᠢᠯ᠂ ᠠᠵᠤ ᠠᠬᠤᠢ ᠶᠢᠨ ᠪᠠᠶᠢᠳᠠᠯ᠂ ᠲᠥᠷᠥᠯ ᠵᠦᠢᠯ ᠤᠨ ᠱᠠᠭᠠᠷᠳᠠᠯᠭ᠎ᠠ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ︽ᠨᠢᠭᠡ ᠵᠢᠷᠤᠭ ᠲᠥᠯᠥᠪᠯᠡᠭᠡ︾ ᠶᠢ ᠪᠠᠶᠢᠭᠤᠯᠵᠤ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ ᠶᠢᠨ ᠴᠢᠳᠠᠮᠵᠢ ᠶᠢ ᠠᠰᠢᠭᠯᠠᠨ ᠲᠥᠷᠥᠯ ᠵᠦᠢᠯ ᠢ ᠲᠥᠰᠥᠪᠯᠡᠨ ᠪᠤᠢ ᠪᠣᠯᠭᠠᠵᠤ ᠪᠣᠯᠬᠤ ᠪᠣᠯᠪᠠ᠃ ᠣᠳᠣᠬᠠᠨ ᠳᠤ᠂ ᠲᠥᠷᠥᠯ ᠵᠦᠢᠯ ᠨᠢ ᠨᠢᠭᠡ ᠢᠵᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠱᠤᠭᠤᠮ ᠪᠠ ᠠᠷᠭ᠎ᠠ ᠶᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠬᠦ ᠴᠢᠨᠠᠷ ᠪᠠ ᠬᠥᠲᠥᠯᠥᠨ ᠳᠠᠭᠠᠭᠤᠯᠬᠤ ᠴᠢᠨᠠᠷ ᠲᠠᠢ ᠪᠣᠯᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠣᠰ ᠰᠢᠰᠲ᠋ᠧᠮ ᠤᠨ ᠬᠡᠷᠡᠭᠯᠡᠭᠡᠨ ᠤ ᠴᠢᠳᠠᠮᠵᠢ ᠶᠢ ᠦᠷᠭᠦᠯᠵᠢᠯᠡᠨ ᠥᠷᠭᠡᠳᠬᠡᠵᠦ᠂ ᠲᠤᠭ᠎ᠠ ᠪᠠᠷᠢᠮᠲᠠ ᠶᠢᠨ ᠡᠬᠢ ᠢᠷᠡᠯᠲᠡ ᠶᠢ ᠨᠠᠷᠢᠪᠴᠢᠯᠠᠵᠤ᠂ ᠮᠠᠨ ᠤ ᠬᠤᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠬᠢᠨᠠᠨ ᠵᠥᠪᠰᠢᠶᠡᠷᠡᠬᠦ ᠮᠡᠳᠡᠭᠡ ᠵᠠᠩᠭᠢ ᠶᠢᠨ ᠲᠦᠷᠭᠡᠨ ᠤ ᠵᠠᠮ ᠢ ᠨᠠᠩ ᠥᠷᠭᠡᠨ᠂ ᠨᠠᠩ ᠲᠦᠷᠭᠡᠨ ᠪᠣᠯᠭᠠᠨ ᠥᠷᠭᠡᠳᠬᠡᠨ ᠪᠠᠶᠢᠭᠤᠯᠵᠤ᠂ ᠪᠥᠬᠦ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ