ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡ ᠪᠠᠷ ᠣᠯᠠᠨ ᠲᠦᠮᠡᠨ ᠢ ᠨᠠᠩ ᠬᠠᠨᠤᠮᠵᠢᠲᠠᠶ ᠪᠣᠯᠭᠠᠨ᠎ᠠ
ᠨᠡᠶᠢᠲᠡᠯᠡᠭᠰᠡᠨ ᠴᠠᠭ᠄
2023/1/31
20230131.jpg
      ᠣᠶᠢᠯᠠᠭᠠᠭᠰᠠᠨ ᠢᠶᠠᠷ᠂ ᠡᠨᠡ ᠵᠢᠯ ᠮᠠᠨ ᠤ ᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠠᠰ ᠳᠡᠪᠰᠢᠭᠦᠯᠵᠦ᠂ ᠡᠨᠡ ᠵᠢᠯ ᠤᠨ ᠡᠴᠦᠰ ᠠᠴᠠ ᠡᠮᠦᠨ᠎ᠡ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠶᠤ ᠤᠯᠤᠰ ᠤᠨ ᠨᠢᠭᠤᠴᠠ ᠳᠤ ᠬᠤᠯᠪᠣᠭᠳᠠᠬᠤ ᠵᠡᠷᠭᠡ ᠣᠨᠴᠠᠭᠠᠶ ᠪᠠᠶᠢᠳᠠᠯ ᠠᠴᠠ ᠭᠠᠳᠠᠨ᠎ᠠ᠂ ᠬᠤᠲᠠ ᠶᠢᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ 1000 ᠵᠦᠢᠯᠡᠰ ᠢ ︽ᠠᠯᠠᠭᠠᠨ ᠳᠡᠭᠡᠷ᠎ᠡ ᠪᠠᠨ ᠰᠢᠢᠳᠪᠦᠷᠢᠯᠡᠬᠦ︾ ᠶᠢ ᠪᠡᠶᠡᠯᠡᠭᠦᠯᠦᠨ᠎ᠡ︔ ᠬᠤᠰᠢᠭᠤ ᠰᠢᠶᠠᠨ ᠲᠣᠭᠤᠷᠢᠭ ᠤᠨ 70% ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠡᠭᠦᠨ ᠤ ᠬᠠᠮᠲᠤ ᠪᠠᠰᠠ ᠬᠥᠬᠡᠬᠤᠲᠠ ᠪᠤᠭᠤᠲᠤ ᠣᠷᠳᠣᠰ ᠤᠯᠠᠭᠠᠨᠴᠠᠪ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠡᠭᠦᠯᠡᠨ ᠳᠡᠭᠡᠷ᠎ᠡ ᠵᠣᠯᠭᠠᠬᠤ︾ ᠦᠢᠯᠡᠴᠢᠯᠡᠭᠡ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠲᠦᠰᠢᠭ ᠪᠣᠯᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠨ ᠵᠣᠬᠢᠴᠠᠯᠳᠤᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠡᠨᠡ ᠵᠢᠯ ᠤᠨ ᠰᠡᠭᠦᠯᠴᠢ ᠠᠴᠠ ᠡᠮᠦᠨ᠎ᠡ᠂ 640 ᠵᠦᠢᠯ ᠤᠨ ᠭᠤᠶᠤᠴᠢᠯᠠᠬᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠪᠠ 360 ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ︽ᠳᠥᠷᠪᠡᠨ ᠬᠤᠲᠠ ᠳᠤ ᠨᠡᠶᠢᠳᠡᠮ ᠭᠦᠢᠴᠡᠳᠬᠡᠬᠦ︾ ᠳᠤ ᠣᠷᠣᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠬᠤᠶᠠᠷ ᠭᠠᠵᠠᠷ ᠤᠨ ᠬᠤᠭᠤᠷᠣᠨᠳᠤ ᠨᠠᠰᠢ ᠴᠠᠰᠢ ᠭᠦᠶᠦᠬᠦ︾ ᠦᠭᠡᠢ ᠪᠣᠯᠭᠠᠨ᠎ᠠ᠃ ︵ᠯᠢ ᠬᠠᠢ ᠵᠧᠨ︶
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ