2023 ᠣᠨ ᠤ ᠬᠥᠬᠡᠬᠤᠲᠠ ᠶᠢᠨ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠰᠦᠯᠵᠢᠶᠡᠨ ᠠᠴᠠ ᠭᠠᠳᠠᠭᠤᠷᠬᠢ  ᠠᠵᠢᠯᠲᠠᠨ ᠡᠯᠰᠡᠬᠦ ᠲᠤᠰᠬᠠᠢ ᠲᠠᠯᠠᠪᠠᠢ ᠴᠤᠭᠯᠠᠭᠠᠨ ᠮᠠᠷᠭᠠᠰᠢ ᠶᠠᠪᠤᠭᠳᠠᠨ᠎ᠠ
ᠨᠡᠶᠢᠲᠡᠯᠡᠭᠰᠡᠨ ᠴᠠᠭ᠄
2023/1/5
      ︵ᠰᠤᠷᠪᠤᠯᠵᠢᠯᠠᠭᠴᠢ ᠯᠢᠦᠢ ᠬᠤᠶ ᠱᠧᠩ︶ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ  ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠪᠠᠲᠤᠯᠠᠬᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ︽ᠪᠥᠬᠦ ᠲᠠᠯ᠎ᠠ ᠶᠢᠨ᠂ ᠪᠥᠬᠦ ᠦᠶᠡᠯᠡᠯ ᠤᠨ ᠬᠤᠭᠤᠴᠠᠭ᠎ᠠ ᠶᠢᠨ᠂ ᠵᠠᠢ ᠦᠭᠡᠢ︾ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠥᠷᠨᠢᠭᠦᠯᠵᠦ᠂ ᠬᠥᠬᠡᠬᠤᠲᠠ ᠶᠢᠨ ᠡᠯ᠎ᠡ ᠬᠥᠮᠥᠨ ᠬᠡᠷᠡᠭᠯᠡᠬᠦ ᠨᠢᠭᠡᠴᠡ ᠶᠢᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠵᠦ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ 1 ᠳ᠋ᠤᠭᠡᠷ ᠰᠠᠷ᠎ᠠ ᠶᠢᠨ 6 ᠤ ᠡᠳᠦᠷ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠨ᠎ᠡ᠂ ᠠᠵᠢᠯ ᠤᠨ ᠪᠠᠶᠢᠷᠢ ᠲᠠᠨ ᠢ ᠬᠦᠯᠢᠶᠡᠵᠦ ᠪᠠᠶᠢᠨ᠎ᠠ︾ 2023 ᠣᠨ ᠤ ᠬᠥᠬᠡᠬᠤᠲᠠ ᠶᠢᠨ ᠲᠦᠷᠭᠡᠨ ᠬᠦᠷᠭᠡᠯᠲᠡ ᠶᠢᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠰᠦᠯᠵᠢᠶᠡᠨ ᠠᠴᠠ ᠭᠠᠳᠠᠭᠤᠷᠬᠢ  ᠠᠵᠢᠯᠲᠠᠨ ᠡᠯᠰᠡᠬᠦ ᠲᠤᠰᠬᠠᠢ ᠲᠠᠯᠠᠪᠠᠢ ᠴᠤᠭᠯᠠᠭᠠᠨ ᠢ ᠥᠷᠨᠢᠭᠦᠯᠦᠨ᠎ᠡ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠭᠤᠷᠪᠠᠳᠤᠭᠠᠷ ᠳᠠᠪᠬᠤᠷᠯᠢᠭ ᠲᠤ  ᠶᠠᠪᠤᠭᠳᠠᠨ᠎ᠠ᠂ ᠦᠢᠯᠡᠴᠢᠯᠡᠬᠦ ᠡᠲᠡᠭᠡᠳ ᠨᠢ ᠥᠷᠭᠡᠨ ᠣᠯᠠᠨ ᠠᠵᠢᠯ ᠡᠷᠢᠭᠰᠡᠳ᠂ ᠬᠥᠬᠡᠬᠤᠲᠠ ᠶᠢᠨ ᠲᠦᠷᠭᠡᠨ  ᠬᠦᠷᠭᠡᠯᠲᠡ ᠶᠢᠨ ᠠᠵᠢᠯ ᠲᠥᠷᠥᠯ ᠤᠨ ᠨᠢᠭᠡᠴᠡ ᠪᠣᠯᠣᠨ᠎ᠠ᠃ ᠨᠢᠭᠡᠴᠡ ᠪᠠ ᠠᠵᠢᠯ ᠡᠷᠢᠭᠰᠡᠳ‌‍ᠴᠤᠭᠯᠠᠭᠠᠨ ᠳᠤ ᠣᠷᠤᠯᠴᠠᠬᠤ ᠳᠤ ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠦᠯᠵᠢᠶᠡᠨ ᠬᠠᠶ᠋ᠢᠭ ︵http://www.hhtsrlzysc.org.cn︶ ᠪᠤᠶᠤ ᠭᠠᠷ ᠤᠲᠠᠰᠤᠨ ᠤ ᠸᠢᠴᠠᠲ ᠢᠶᠠᠷ ︽ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ︾ ᠭᠡᠬᠦ ᠸᠢᠴᠠᠲ ᠤᠨ ᠨᠡᠶᠢᠲᠡ ᠶᠢᠨ ᠳ᠋ᠤᠭᠠᠷ ᠢ ᠡᠷᠢᠵᠦ ᠣᠷᠤᠪᠠᠯ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ ᠢ  ᠦᠵᠡᠵᠦ ᠪᠣᠯᠬᠤ ᠪᠦᠭᠡᠳ ᠲᠣᠪᠴᠢ ᠨᠠᠮᠲᠠᠷ ᠢᠶᠠᠨ ᠲᠤᠰᠢᠶᠠᠵᠤ ᠪᠣᠯᠤᠨ᠎ᠠ᠃ 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ