ᠾᠧ ᠬᠠᠢ ᠳ᠋ᠦᠩ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠬᠤ ᠬᠤᠯᠪᠤᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/1/5
      ︵ᠰᠤᠷᠪᠤᠯᠵᠢᠯᠠᠭᠴᠢ ᠯᠢᠶᠠᠩ ᠵᠢᠩ ᠱᠦ︶ 1 ᠳ᠋ᠤᠭᠡᠷ ᠰᠠᠷ᠎ᠠ ᠶᠢᠨ 4  ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠲᠣᠭᠤᠷᠢᠭ ᠤᠨ ᠬᠡᠰᠡᠭ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠲᠤ ᠭᠦᠨᠵᠡᠭᠡᠶᠢᠷᠡᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠰᠡᠷᠭᠦᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠪᠠ᠃      ᠣᠳᠣᠬᠠᠨ ᠳᠤ᠂ ᠬᠤᠲᠠ ᠶᠢᠨ ᠲᠣᠭᠤᠷᠢᠭ ᠤᠨ ᠡᠯ᠎ᠡ ᠲᠣᠮᠣ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ ᠴᠦᠮ ︽ᠰᠢᠨ᠎ᠡ ᠵᠢᠯ ᠤᠨ ᠴᠢᠮᠡᠭᠯᠡᠯ︾ ᠢᠶᠠᠷ ᠰᠣᠯᠢᠭᠳᠠᠵᠤ᠂ ᠪᠠᠶᠠᠷ ᠤᠨ ᠡᠳᠦᠷ ᠤᠨ ᠭᠤᠣᠯ ᠰᠡᠳᠦᠪᠲᠦ ᠪᠦᠲᠦᠭᠡᠯ ᠶᠢ ᠨᠠᠷᠢᠯᠢᠭ ᠰᠠᠶᠢᠬᠠᠨ ᠪᠠᠶᠢᠷᠢᠯᠠᠭᠤᠯᠵᠤ᠂ ᠬᠡᠷᠡᠭᠯᠡᠭᠡᠨ ᠤ ᠠᠬᠤᠢ ᠪᠠᠶᠢᠳᠠᠯ ᠢ ᠨᠠᠷᠢᠨ ᠨᠢᠮᠪᠠᠢ ᠪᠣᠶ ᠪᠣᠯᠭᠠᠭᠰᠠᠨ ᠢᠶᠠᠷ ᠪᠠᠶᠠᠷ ᠤᠨ ᠡᠳᠦᠷ ᠤᠨ ᠠᠭᠤᠷ ᠠᠮᠢᠰᠬᠤᠯ ᠢ ᠨᠠᠩ ᠥᠳᠬᠡᠨ ᠪᠣᠯᠵᠠᠢ᠃ ᠾᠧ ᠬᠠᠢ ᠳ᠋ᠦᠩ ᠤᠷᠢᠳ ᠬᠤᠵᠢᠳ ᠸᠠᠩ ᠹᠦ᠋ ᠵᠢᠩ ᠤᠨ ᠣᠣ ᠯᠠᠢ ᠷᠦ ᠢ ᠪᠠᠯᠭᠠᠰᠤ᠂ ᠸᠠᠨ ᠳ᠋ᠠ ᠠᠭᠤᠳᠠᠮ ᠲᠠᠯᠠᠪᠠᠢ ︵ᠬᠥᠬᠡᠬᠤᠲᠠ ᠶᠢᠨ  ᠬᠤᠲᠠ ᠶᠢᠨ ᠪᠠᠷᠠᠭᠤᠨᠳᠡᠬᠢ ᠲᠠᠯᠠᠪᠠᠢ︶᠂  ᠺᠠᠢ ᠳ᠋ᠧ ᠠᠭᠤᠳᠠᠮ ᠲᠠᠯᠠᠪᠠᠢ ᠪᠣᠯᠣᠨ ᠰᠢᠨᠬᠤᠸᠠ ᠠᠭᠤᠳᠠᠮ ᠲᠠᠯᠠᠪᠠᠢ ᠶᠢᠨ ᠰᠦᠯᠵᠢᠶᠡᠨ ᠤ ᠣᠳᠣᠨ ᠵᠡᠭᠡᠯᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠡᠵᠡᠩᠨᠡᠯᠲᠡ ᠶᠢᠨ ᠪᠠᠶᠢᠳᠠᠯ᠂  ᠬᠡᠷᠡᠭᠯᠡᠭᠴᠢ ᠶᠢᠨ ᠲᠤᠭ᠎ᠠ ᠬᠡᠮᠵᠢᠶ᠎ᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠤᠯᠠᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠴᠠᠭᠠᠨ ᠰᠠᠷ᠎ᠠ ᠶᠢᠨ ᠴᠢᠬᠤᠯᠠ ᠵᠠᠩᠭᠢᠯᠠᠭ᠎ᠠ ᠶᠢᠨ ᠴᠡᠭ ᠢ ᠠᠮᠵᠢᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠡᠷᠡᠭᠯᠡᠭᠡᠨ ᠤ ᠠᠬᠤᠢ ᠪᠠᠶᠢᠳᠠᠯ ᠢ ᠰᠢᠨᠡᠴᠢᠯᠡᠵᠦ᠂ ᠤᠯᠠᠨ ᠲᠦᠮᠡᠨ ᠤ ᠤᠯᠠᠨ ᠡᠰᠢᠴᠢᠯᠡᠭᠰᠡᠨ ᠬᠡᠷᠡᠭᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠠᠷᠠᠯᠵᠢᠶ᠎ᠠ ᠮᠠᠶᠢᠮᠠᠢ ᠪᠠᠨ ᠤᠯᠠᠮ ᠰᠠᠶᠢᠨ ᠬᠢᠬᠦ ᠶᠢ ᠵᠣᠷᠢᠭᠵᠢᠭᠤᠯᠪᠠ᠃      ᠾᠧ ᠬᠠᠢ ᠳ᠋ᠦᠩ ᠬᠡᠯᠡᠬᠦ ᠳᠡᠭᠡᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠦᠷᠦᠯ ᠤᠨ ᠬᠦᠴᠢᠷᠳᠡᠯ ᠢ ᠰᠢᠢᠳᠪᠦᠷᠢᠯᠡᠵᠦ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠤᠯᠭᠠᠷᠠᠵᠤ ᠪᠠᠶᠢᠭ᠎ᠠ ︽ᠡᠪᠡᠷᠰᠢᠶᠡᠯ︾ ︽ᠲᠦᠭᠵᠢᠷᠡᠯ︾ ᠢ ᠰᠡᠳᠬᠢᠯ ᠲᠠᠯᠪᠢᠨ ᠰᠢᠢᠳᠪᠦᠷᠢᠯᠡᠵᠦ᠂ ᠨᠡᠩ ᠤᠯᠠᠨ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ ᠪᠤᠢ ᠪᠣᠯᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠭᠦᠨᠵᠡᠭᠡᠢ ᠠᠭᠤᠰᠤᠯᠴᠠᠯ ᠢ ᠠᠬᠢᠭᠤᠯᠵᠤ᠂ ᠬᠡᠷᠡᠭᠯᠡᠭᠡ ᠶᠢᠨ ᠲᠦᠷᠭᠡᠨ ᠰᠡᠷᠭᠦᠬᠦ ᠶᠢ ᠠᠬᠢᠭᠤᠯᠬᠤ ᠬᠡᠷᠡᠭᠲᠡᠢ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠶᠡᠨᠲᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠬᠡᠷᠡᠭᠯᠡᠭᠡᠨ ᠤ ᠲᠡᠮᠳᠡᠭᠲᠦ ᠶᠢ ᠰᠠᠶᠢᠲᠤᠷ ᠬᠡᠷᠡᠭᠯᠡᠵᠦ᠂ ᠰᠣᠶᠣᠯ ᠵᠤᠭᠠᠴᠠᠯ ᠵᠡᠷᠭᠡ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠠᠭᠠᠭ ᠠᠯᠤᠰᠯᠠᠨ ᠠᠭᠤᠰᠤᠯᠴᠠᠬᠤ ᠶᠢ ᠠᠬᠢᠭᠤᠯᠵᠤ᠂ ᠬᠡᠷᠡᠭᠯᠡᠭᠡ ᠶᠢ ᠠᠬᠢᠭᠤᠯᠬᠤ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠨᠡᠶᠢᠭᠡᠮ ᠠᠵᠤ ᠠᠬᠤᠢ ᠶᠢᠨ ᠬᠥᠭᠵᠢᠯᠲᠡ ᠶᠢᠨ ︽ᠠᠭᠤᠷ ᠠᠮᠢᠰᠬᠤᠯ︾ ᠢ ᠨᠡᠩ ᠬᠥᠭᠵᠢᠭᠡᠨ ᠲᠠᠢ ᠪᠣᠯᠭᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠮᠡᠳᠡᠬᠦ ᠬᠡᠮᠵᠢᠶ᠎ᠡ᠂ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠬᠡᠷᠡᠭᠯᠡᠭᠡ ᠶᠢ ᠬᠥᠭᠵᠢᠭᠦᠯᠵᠦ᠂  ᠠᠵᠤ ᠠᠬᠤᠢ ᠶᠢ ᠠᠮᠢᠳᠤᠯᠢᠭ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃      ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠳᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠯᠢᠦ ᠵᠢᠶᠠᠨ ᠸᠧᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ