ᠮᠠᠨ ᠤ ᠬᠤᠲᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/1/5
                       ᠪᠣᠣ ᠭᠠᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠶᠦᠨ ᠵᠢᠩ︶ 1 ᠳ᠋ᠤᠭᠡᠷ ᠰᠠᠷ᠎ᠠ ᠶᠢᠨ 4 ᠤ ᠡᠳᠦᠷ᠂ ᠮᠠᠨ ᠤ ᠬᠤᠳᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠳᠠ ᠶᠢᠨ ᠲᠦᠷᠪᠡᠨ ᠲᠣᠭᠤᠷᠢᠭ ᠠᠴᠠ ᠢᠷᠡᠭᠰᠡᠨ 20 ᠭᠠᠷᠤᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠵᠢᠭᠰᠠᠨ ᠬᠠᠮᠢᠶᠠᠷᠤᠯᠲᠠ ᠶᠢᠨ ᠠᠵᠢᠯᠲᠠᠨ ᠤ ᠲᠥᠯᠥᠭᠡᠯᠡᠭᠴᠢ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠪᠠᠶᠢᠭᠤᠯᠤᠯ ᠲᠣᠭᠲᠠᠴᠠ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ᠂ ᠠᠵᠢᠯᠲᠠᠨ ᠤ ᠲᠣᠬᠢᠷᠠᠭᠤᠯᠤᠯᠲᠠ᠂ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠪᠡ᠃      ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂  ᠪᠣᠣ ᠭᠠᠩ ᠬᠡᠯᠡᠬᠦ ᠳᠡᠭᠡᠨ᠂ ᠦᠨᠳᠦᠰᠦᠨ ᠱᠠᠲᠤᠨ ᠤ ᠵᠠᠰᠠᠯᠲᠠ ᠪᠣᠯ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ᠂ ᠮᠥᠨᠴᠦ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠴᠢᠬᠤᠯᠠ ᠭᠠᠷᠳᠠᠴᠠ ᠪᠣᠯᠣᠨ᠎ᠠ᠃ᠣᠷᠣᠨ ᠤ ᠲᠥᠪ ᠨᠢ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠠᠴᠠ ᠰᠠᠯᠵᠤ ᠴᠢᠳᠠᠬᠤ ᠦᠭᠡᠢ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠠᠶᠢᠭᠤᠯᠤᠯ ᠲᠣᠭᠲᠠᠴᠠ ᠶᠢ ᠤᠯᠠᠮ ᠴᠢᠨᠠᠭᠰᠢᠳᠠ ᠰᠢᠯᠤᠭᠤᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠳᠤᠲᠠᠭᠤᠳᠠᠯ ᠢ ᠬᠦᠴᠦᠯᠡᠨ ᠨᠥᠬᠦᠪᠦᠷᠢᠯᠡᠵᠦ᠂ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠵᠡᠷᠭᠡ ᠡᠯ᠎ᠡ ᠲᠦᠷᠦᠯ ᠤᠨ ᠭᠤᠣᠯ ᠴᠣᠭᠴᠠ ᠥᠷᠭᠡᠨ ᠢᠶᠠᠷ ᠣᠷᠣᠯᠴᠠᠭᠰᠠᠨ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨᠵᠢᠯᠡᠬᠦ ᠤᠬᠠᠭᠠᠨᠴᠢᠯᠠᠭᠰᠠᠨ᠂ ᠨᠠᠷᠢᠯᠢᠭᠵᠢᠭᠰᠠᠨ᠂ ᠣᠶᠤᠨᠴᠢᠯᠠᠭᠰᠠᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠲᠣᠭᠤᠷᠢᠭ ᠤᠨ ᠡᠷᠬᠡ ᠬᠠᠷᠢᠭᠤᠴᠠᠯᠭ᠎ᠠ ᠶᠢᠨ ᠲᠣᠳᠣᠷᠬᠠᠢ ᠬᠠᠭᠤᠳᠠᠰᠤ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠴᠢᠬᠤᠯᠠ ᠪᠤᠰᠤ ᠠᠵᠢᠯ ᠤᠨ ᠵᠦᠢᠯᠡᠰ ᠢ ᠬᠦᠴᠦᠨ ᠦᠭᠡᠢ ᠪᠣᠯᠭᠠᠵᠤ᠂ ᠨᠡᠶᠢᠭᠡᠮ ᠲᠣᠭᠤᠷᠢᠭ ᠤᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠨᠡᠶᠢᠭᠡᠮ ᠲᠣᠭᠤᠷᠢᠭ ᠤᠨ ᠠᠵᠢᠯᠲᠠᠳ ᠨᠡᠩ ᠢᠯᠡᠭᠦᠦ ᠴᠠᠭ ᠪᠠ ᠤᠶᠤᠨ ᠴᠢᠳᠠᠯ ᠢᠶᠠᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠬᠡᠷᠡᠭᠯᠡᠬᠦ ᠪᠣᠯᠭᠠᠬᠤ ᠬᠡᠷᠡᠭᠲᠡᠢ᠃ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠵᠢᠭᠰᠠᠨ ᠠᠵᠢᠯᠲᠠᠨ ᠤ ᠠᠵᠢᠯ ᠮᠡᠷᠭᠡᠵᠢᠯ ᠤᠨ ᠵᠡᠷᠭᠡ ᠲᠡᠪᠰᠢᠬᠦ ᠵᠠᠮ ᠢ ᠨᠠᠪᠲᠠᠷᠡᠭᠦᠯᠵᠦ᠂ ᠲᠡᠳᠡᠨ ᠢ ᠬᠠᠷᠠᠭᠠᠯᠵᠠᠯ ᠤᠨ ᠪᠠᠲᠤᠯᠠᠭ᠎ᠠ ᠲᠠᠢ᠂ ᠬᠥᠭᠵᠢᠯᠲᠡ ᠶᠢᠨ ᠣᠷᠣᠨ ᠵᠠᠢ ᠲᠠᠢ ᠪᠣᠯᠭᠠᠬᠤ ᠬᠡᠷᠡᠭᠲᠡᠢ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠲᠤᠰᠬᠠᠢ ᠮᠡᠷᠭᠡᠵᠢᠯ ᠤᠨ ᠠᠵᠢᠯᠲᠠᠨ ᠤ ᠬᠦᠴᠦᠨ ᠢ ᠨᠥᠬᠦᠪᠦᠷᠢᠯᠡᠵᠦ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠡᠶ᠎ᠡ ᠵᠣᠬᠢᠴᠠᠯ ᠢ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠼᠤᠤ ᠰᠧ ᠶᠠᠩ᠂ ᠱᠠᠩ ᠵᠢᠩ ᠮᠢᠨ᠂ ᠵᠢᠶᠣᠣ ᠬᠤᠩ᠂ ᠮᠠ ᠪᠢᠩ ᠴᠢᠤᠸᠠᠨ ᠵᠢᠴᠢ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ