ᠪᠣᠣ ᠭᠠᠩ ᠵᠧᠩ ᠬᠤᠩ ᠹᠠᠨ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 7 ᠤ ᠡᠳᠦᠷ᠂ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠫᠠᠶᠢᠰᠠ ᠰᠡᠬᠦᠬᠦ ᠶᠣᠰᠣᠯᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠬᠠᠮᠲᠤ ᠪᠠᠷ ᠮᠠᠨ ᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ | ᠫᠠᠶᠢᠰᠠ ᠶᠢ ᠰᠡᠬᠦᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠹᠦ᠋ ᠯᠧᠢ ᠶᠣᠰᠣᠯᠠᠯ ᠳᠤ ᠣᠷᠣᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ | ᠳᠠᠷᠤᠭ᠎ᠠ ᠰᠢᠨ ᠨᠠ ᠪᠠᠶᠠᠷ ᠤᠨ ᠦᠭᠡ ᠬᠡᠯᠡᠪᠡ᠃ | 2022 ᠣᠨ ᠤ 4 ᠳ᠋ᠦ᠋ᠭᠡᠷ ᠰᠠᠷ᠎ᠠ ᠳᠤ᠂ ᠮᠠᠨ ᠤ ᠬᠤᠲᠠ ᠪᠥᠬᠦ ᠤᠯᠤᠰ ᠤᠨ ᠬᠤᠲᠠ ᠶᠢᠨ ᠲᠠᠰ ᠤᠨ ᠬᠠᠮ ᠵᠠᠭᠤᠴᠢᠯᠠᠭᠤᠷ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠬᠤᠲᠠ ᠪᠠᠷ ᠰᠣᠩᠭᠤᠭᠳᠠᠪᠠ᠃ ᠬᠤᠲᠠ ᠶᠢᠨ ᠱᠠᠲᠤᠨ ᠤ ᠬᠠᠮ ᠵᠠᠭᠤᠴᠢᠯᠠᠭᠤᠷ ᠤᠨ ᠲᠥᠪ ᠤᠨ ᠲᠤᠷᠰᠢᠯᠲᠠ ᠶᠢᠨ ᠬᠤᠲᠠ ᠶᠢ ᠪᠦᠲᠦᠭᠡᠨ ᠪᠠᠶᠢᠭᠤᠯᠬᠤ | ᠱᠠᠭᠠᠷᠳᠠᠯᠭ᠎ᠠ ᠶᠣᠰᠣᠭᠠᠷ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ᠂ ᠬᠥᠬᠡᠬᠤᠲᠠ ᠶᠢᠨ ᠰᠣᠨᠢᠨ ᠮᠡᠳᠡᠭᠡᠨ ᠤ | ᠰᠦᠯᠵᠢᠶ᠎ᠡ ᠶᠢ ᠨᠡᠶᠢᠳᠬᠡᠨ᠂ ᠬᠥᠬᠡᠬᠤᠲᠠ ᠶᠢᠨ ᠬᠠᠮ ᠵᠠᠭᠤᠴᠢᠯᠠᠭᠤᠷ ᠤᠨ ᠲᠥᠪ ᠢ ᠪᠠᠶᠢᠭᠤᠯᠪᠠ᠃ ᠰᠢᠨ᠎ᠡ ᠪᠠᠷ ᠪᠠᠶᠢᠭᠤᠯᠤᠭᠳᠠᠭᠰᠠᠨ ᠬᠤᠳᠠ ᠶᠢᠨ ᠬᠠᠮ ᠵᠠᠭᠤᠴᠢᠯᠠᠭᠤᠷ ᠤᠨ ᠲᠥᠪ | ᠨᠢ ᠪᠦᠬᠦ ᠲᠠᠯ᠎ᠠ ᠪᠠᠷ ᠵᠠᠭᠤᠴᠢᠯᠠᠭᠤᠷ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠮᠠᠶ᠋ᠢᠭ ᠤᠨ ᠨᠡᠪᠲᠡᠷᠡᠭᠦᠯᠭᠡ ᠶᠢᠨ ᠲᠠᠪᠴᠠᠩ ᠢ ᠪᠠᠶᠢᠭᠤᠯᠵᠤ᠂ ᠬᠤᠳᠠ ᠳᠤ | ᠬᠠᠷᠢᠶᠠᠯᠠᠭᠳᠠᠬᠤ ᠵᠠᠭᠤᠴᠢᠯᠠᠭᠤᠷ ᠤᠨ ᠬᠡᠪᠯᠡᠯ ᠤᠨ ᠨᠢᠭᠤᠷ᠂ ᠳᠠᠪᠲᠠᠮᠵᠢ᠂ ᠰᠤᠪᠠᠭ ᠵᠢᠴᠢ ᠰᠦᠯᠵᠢᠶᠡᠨ ᠤ ᠦᠷᠳᠡᠭᠡ᠂ ᠬᠡᠷᠡᠭᠯᠡᠭᠴᠢ ᠶᠢᠨ ᠦᠵᠦᠭᠦᠷ᠂ ᠵᠠᠭᠤᠴᠢᠯᠠᠭᠤᠷ ᠤᠨ ᠨᠣᠮᠧᠷ ᠢ | ᠨᠡᠶᠢᠳᠬᠡᠵᠦ ︽ᠴᠢᠩ ᠴᠧᠩ ᠬᠠᠮ ᠵᠠᠭᠤᠴᠢᠯᠠᠭᠤᠷ︾ ᠬᠠᠮ ᠵᠠᠭᠤᠴᠢᠯᠠᠭᠤᠷ ᠤᠨ ᠨᠡᠪᠲᠡᠷᠡᠭᠦᠯᠭᠡ ᠶᠢᠨ ᠵᠢᠭᠰᠠᠭᠠᠯ ᠪᠣᠯᠭᠠᠪᠠ᠃ ︽ᠲᠥᠪ ᠲᠣᠭᠤᠭᠠᠨ ᠭᠡᠷ︾ ᠤᠨ ᠵᠢᠯᠣᠭᠤᠳᠤᠨ | ᠲᠣᠬᠢᠷᠠᠭᠤᠯᠬᠤ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠡᠯᠬᠢᠶ᠎ᠡ ᠪᠠᠷ ᠤᠬᠠᠭᠠᠯᠠᠨ ᠰᠡᠳᠦᠬᠦ᠂ ᠪᠥᠬᠦ ᠶᠠᠪᠤᠴᠠ ᠪᠠᠷ ᠬᠠᠮᠢᠶᠠᠷᠬᠤ ᠪᠠᠷ ᠳᠠᠮᠵᠢᠭᠤᠯᠤᠨ᠂ ᠮᠡᠳᠡᠭᠡ | ᠵᠠᠩᠭᠢ ᠶᠢᠨ ᠠᠭᠤᠯᠭ᠎ᠠ᠂ ᠮᠡᠷᠭᠡᠵᠢᠯ ᠤᠨ ᠬᠡᠷᠡᠭᠯᠡᠭᠡ᠂ ᠲᠠᠪᠴᠠᠩ ᠤᠨ ᠦᠵᠦᠭᠦᠷ᠂ ᠬᠠᠮᠢᠶᠠᠷᠤᠯᠲᠠ ᠶᠢᠨ ᠠᠷᠭ᠎ᠠ ᠪᠠᠷᠢᠯ ᠢ ᠠᠭᠤᠰᠤᠯᠴᠠᠭᠤᠯᠤᠨ ᠨᠡᠪᠲᠡᠷᠡᠭᠦᠯᠵᠦ᠂ ᠨᠢᠭᠡ ᠤᠳᠠᠭ᠎ᠠ ᠳᠤ | ᠴᠤᠭᠯᠠᠭᠤᠯᠵᠤ᠂ ᠣᠯᠠᠨ ᠤᠳᠠᠭ᠎ᠠ ᠦᠢᠯᠡᠳᠴᠦ᠂ ᠣᠯᠠᠨ ᠲᠠᠯ᠎ᠠ ᠪᠠᠷ ᠨᠡᠶᠢᠲᠡᠯᠡᠬᠦ ᠬᠠᠮ ᠵᠠᠭᠤᠴᠢᠯᠠᠭᠤᠷ ᠤᠨ ᠨᠡᠪᠲᠡᠷᠡᠭᠦᠯᠭᠡ ᠶᠢᠨ ᠪᠠᠶᠢᠷᠢᠰᠢᠯ ᠢ ᠪᠣᠶ ᠪᠣᠯᠭᠠᠵᠤ᠂ ᠮᠠᠨ ᠤ ᠬᠤᠲᠠ ᠶᠢᠨ | ᠭᠤᠣᠯᠯᠠᠬᠤ ᠵᠠᠭᠤᠴᠢᠯᠠᠭᠤᠷ ᠤᠨ ᠤᠯᠠᠮᠵᠢᠯᠠᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠪᠣᠯᠣᠨ᠎ᠠ᠃ | ᠬᠥᠬᠡᠬᠤᠲᠠ ᠳᠤ ᠰᠠᠭᠤᠭ᠎ᠠ ᠲᠥᠪ ᠤᠨ ᠵᠠᠭᠤᠴᠢᠯᠠᠭᠤᠷ ᠪᠣᠯᠣᠨ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠵᠠᠭᠤᠴᠢᠯᠠᠭᠤᠷ ᠪᠣᠯᠣᠨ ᠰᠢᠨ ᠯᠠᠩ᠂ ᠲᠧᠩ ᠰᠢᠶᠦ᠋ᠨ ᠵᠡᠷᠭᠡ ᠰᠦᠯᠵᠢᠶᠡᠨ ᠤ ᠵᠠᠭᠤᠴᠢᠯᠠᠭᠤᠷ ᠤᠨ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃ |