ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/1/9
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠬᠥᠬᠡᠬᠤᠲᠠ ᠶᠢᠨ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠨᠤᠷᠮᠠᠵᠢᠭᠤᠯᠤᠭᠰᠠᠨ ᠡᠭᠦᠷᠭᠡ ᠬᠠᠷᠠᠯᠲᠠ ᠶᠢᠨ ᠵᠠᠳᠠᠯᠤᠯᠲᠠ︾᠂ ︽ᠬᠥᠬᠡᠬᠤᠲᠠ ᠶᠢᠨ 2023 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾᠂ ︽ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ︿ᠬᠠᠶᠠᠭᠳᠠᠮᠠᠯ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠪᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ︽ᠬᠥᠬᠡᠬᠤᠲᠠ ᠶᠢᠨ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠨᠤᠷᠮᠠᠵᠢᠭᠤᠯᠤᠭᠰᠠᠨ ᠡᠭᠦᠷᠭᠡ ᠬᠠᠷᠠᠯᠲᠠ ᠶᠢᠨ ᠵᠠᠳᠠᠯᠤᠯᠲᠠ︾ ᠳᠤ ᠬᠠᠷᠢᠭᠤᠴᠠᠬᠤ ᠤᠳᠤᠷᠢᠳᠤᠯᠭ᠎ᠠ᠂ ᠲᠦᠷᠦᠭᠦᠯᠡᠨ ᠬᠢᠬᠦ ᠨᠢᠭᠡᠴᠡ᠂ ᠬᠠᠷᠢᠭᠤᠴᠠᠬᠤ ᠨᠢᠭᠡᠴᠡ ᠶᠢ ᠨᠢᠭᠡᠳ ᠨᠢᠭᠡ ᠪᠠᠷ ᠲᠣᠳᠣᠷᠬᠠᠶᠢᠯᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠶᠢᠨ ᠲᠠᠯ᠎ᠠ ᠪᠠᠷ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠵᠦ᠂ ᠡᠭᠦᠷᠭᠡ ᠪᠠᠨ ᠡᠷᠬᠡᠪᠰᠢ ᠪᠡᠶᠡᠯᠡᠭᠦᠯᠵᠦ᠂ ᠲᠣᠬᠢᠷᠠᠭᠤᠯᠤᠯᠲᠠ ᠶᠢ ᠡᠷᠬᠡᠪᠰᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠤᠳᠠ ᠶᠢᠨ ᠵᠠᠰᠠᠭ ᠤᠨ ᠣᠷᠳᠣᠨ ᠤ ᠱᠠᠯᠠᠪᠳᠠᠭᠤᠯᠤᠨ ᠪᠠᠶᠢᠴᠠᠭᠠᠬᠤ ᠲᠠᠰᠤᠭ ᠤᠨ  ᠬᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠱᠠᠯᠠᠪᠳᠠᠭᠤᠯᠤᠨ ᠪᠠᠶᠢᠴᠠᠭᠠᠵᠤ᠂ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠲᠠᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠵᠦ᠂ ᠵᠠᠰᠠᠭ ᠪᠠᠩᠬᠢ ᠠᠵᠤ ᠠᠬᠤᠶᠢᠯᠠᠯ ᠬᠤᠯᠪᠣᠭᠠᠯᠠᠬᠤ ᠠᠷᠭ᠎ᠠ ᠬᠡᠯᠪᠡᠷᠢ ᠶᠢ ᠠᠪᠴᠤ᠂ ᠣᠷᠣᠨ ᠤ ᠲᠥᠪ ᠬᠤᠲᠠ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠭᠡᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠲᠥᠰᠥᠯ ᠲᠣᠭᠲᠠᠭᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ ᠥᠭᠡᠷᠡᠴᠢᠯᠡᠯᠲᠡ ᠶᠢᠨ ᠡᠨᠡ ᠬᠦ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ᠪᠥᠬᠦ ᠬᠤᠲᠠ ᠪᠠᠷ ᠢᠶᠠᠨ ᠮᠠᠨ ᠤ ᠬᠤᠲᠠ ᠶᠢᠨ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠠᠬᠢᠭᠤᠯᠵᠤ᠂ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠦᠲᠦᠭᠡᠨ ᠪᠠᠶᠢᠭᠤᠯᠬᠤ ᠶᠢ ᠴᠢᠩᠭ᠎ᠠ ᠠᠳᠬᠤᠵᠤ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠯᠲᠡ᠂ ᠬᠡᠷᠡᠭᠯᠡᠯᠲᠡ᠂ ᠬᠠᠮᠠᠭᠠᠯᠠᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ