| | | | | | | | | | ︵ᠰᠤᠷᠪᠤᠯᠵᠢᠯᠠᠭᠴᠢ ᠶᠦᠨ ᠶᠠᠨ ᠹᠠᠩ︶ 2023 ᠣᠨ ᠤ ᠴᠠᠭᠠᠨ ᠰᠠᠷ᠎ᠠ ᠶᠢᠨ ᠵᠥᠭᠡᠭᠡᠪᠦᠷᠢ 1 ᠳ᠋ᠦ᠋ᠭᠡᠷ ᠰᠠᠷ᠎ᠠ ᠶᠢᠨ 7 ᠤ ᠡᠳᠦᠷ ᠠᠴᠠ ᠡᠬᠢᠯᠡᠵᠦ 2 | ᠳ᠋ᠤᠭᠠᠷ ᠰᠠᠷ᠎ᠠ ᠶᠢᠨ 15 ᠤ ᠡᠳᠦᠷ ᠳᠠᠭᠤᠰᠴᠤ ᠨᠡᠶᠢᠳᠡ 40 ᠡᠳᠦᠷ ᠦᠷᠭᠦᠯᠵᠢᠯᠡᠨ᠎ᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ | ᠲᠣᠪᠴᠢᠶ᠎ᠠ ᠶᠢᠨ ᠵᠢᠱᠢᠯᠲᠡ ᠪᠠᠷ ᠨᠡᠶᠢᠳᠡ 230 ᠲᠦᠮᠡᠨ ᠬᠥᠮᠥᠨ ᠤᠳᠠᠭ᠎ᠠ ᠶᠢᠨ ᠠᠶᠠᠨᠴᠢᠳ ᠢ ᠬᠦᠷᠭᠡᠵᠦ᠂ 2022 ᠣᠨ ᠤ ᠬᠢ ᠠᠴᠠ ᠠᠷᠪᠠᠨ ᠤ ᠭᠤᠷᠪᠠᠨ | ᠬᠤᠪᠢ ᠰᠢᠬᠠᠮ ᠨᠡᠮᠡᠭᠳᠡᠨ᠎ᠡ᠃ ᠵᠢᠱᠢᠯᠲᠡ ᠪᠠᠷ ᠴᠠᠭᠠᠨ ᠰᠠᠷ᠎ᠠ ᠠᠴᠠ ᠡᠮᠦᠨ᠎ᠡ ᠠᠶᠠᠨᠴᠢᠳ ᠨᠢ ᠲᠥᠷᠥᠯ ᠰᠠᠳᠤᠨ ᠢᠶᠠᠨ ᠡᠷᠭᠢᠵᠦ ᠦᠵᠡᠬᠦ᠂ ᠬᠥᠯᠥᠰᠦᠨ ᠠᠵᠢᠯ | ᠬᠢᠬᠦ ᠵᠡᠷᠭᠡ ᠪᠠᠷ ᠭᠤᠣᠯᠯᠠᠵᠤ᠂ ᠠᠶᠠᠨᠴᠢᠳ ᠤᠨ ᠤᠷᠤᠰᠬᠠᠯ ᠤᠨ ᠣᠷᠭᠢᠯ ᠨᠢ 1 ᠳ᠋ᠦ᠋ᠭᠡᠷ ᠰᠠᠷ᠎ᠠ ᠶᠢᠨ 17 ᠤ ᠡᠳᠦᠷ ᠠᠴᠠ 20 ᠤ ᠡᠳᠦᠷ ᠤᠨ ᠬᠤᠭᠤᠷᠣᠨᠳᠤ | ᠬᠦᠷᠴᠦ᠂ ᠴᠠᠭᠠᠨ ᠰᠠᠷ᠎ᠠ ᠶᠢᠨ ᠳᠠᠷᠠᠭᠠᠬᠢ ᠠᠶᠠᠨᠴᠢᠳ ᠤᠨ ᠤᠷᠤᠰᠬᠠᠯ ᠨᠢ ᠬᠠᠷᠢᠴᠠᠩᠭᠤᠢ ᠲᠣᠭᠲᠠᠪᠤᠷᠢᠵᠢᠵᠤ᠂ ᠵᠢᠱᠢᠯᠲᠡ ᠪᠠᠷ ᠠᠶᠠᠨᠴᠢᠳ ᠤᠨ ᠴᠤᠪᠤᠷᠠᠯ ᠤᠨ | ᠣᠷᠭᠢᠯ ᠨᠢ 1 ᠳ᠋ᠦ᠋ᠭᠡᠷ ᠰᠠᠷ᠎ᠠ ᠶᠢᠨ 27 ᠤ ᠡᠳᠦᠷ ᠪᠠ 2 ᠳ᠋ᠤᠭᠠᠷ ᠰᠠᠷ᠎ᠠ ᠶᠢᠨ 6 ᠤ ᠡᠳᠦᠷ ᠬᠦᠷᠦᠨ᠎ᠡ᠃ | ᠠᠶᠠᠨᠴᠢᠳ ᠤᠨ ᠶᠠᠪᠤᠵᠤ ᠰᠠᠭᠤᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ | ᠠᠶᠠᠨᠴᠢᠳ ᠤᠨ ᠤᠷᠤᠰᠬᠠᠯ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ︽ᠨᠢᠭᠡ ᠡᠳᠦᠷ ᠲᠤ ᠨᠢᠭᠡ ᠵᠢᠷᠤᠭ︾ ᠤᠨ ᠴᠤᠪᠤᠭ᠎ᠠ ᠲᠡᠷᠭᠡ ᠶᠠᠪᠤᠭᠤᠯᠬᠤ | ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠡᠳᠦᠷ ᠪᠦᠷᠢ ᠶᠢᠨ ᠴᠤᠪᠤᠭ᠎ᠠ ᠲᠡᠷᠭᠡᠨ ᠤ ᠠᠶᠠᠯᠠᠯ ᠤᠨ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠲᠣᠬᠢᠷᠠᠭᠤᠯᠤᠨ᠂ | ᠵᠥᠭᠡᠭᠡᠪᠦᠷᠢ ᠶᠢᠨ ᠴᠢᠳᠠᠯ ᠤᠨ ᠭᠦᠢᠴᠡᠳ ᠪᠠᠶᠢᠬᠤ ᠶᠢ ᠪᠠᠲᠤᠯᠠᠪᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠳᠤᠮᠳᠠᠳᠤ ᠤᠯᠤᠰ ᠤᠨ ᠲᠡᠮᠦᠷ | ᠵᠠᠮ ᠤᠨ ᠬᠥᠬᠡᠬᠤᠲᠠ ᠶᠢᠨ ᠲᠣᠪᠴᠢᠶ᠎ᠠ ᠪᠡᠭᠡᠵᠢᠩ ᠳᠤ ᠣᠷᠣᠬᠤ ᠭᠠᠷᠬᠤ ᠣᠷᠭᠢᠯ ᠱᠤᠭᠤᠮ ᠤᠨ ᠲᠦᠷᠭᠡᠨ ᠤ ᠭᠠᠯᠲᠤ ᠲᠡᠷᠭᠡ ᠪᠣᠯᠣᠨ ᠬᠤᠷᠳᠤᠨ ᠤ ᠭᠠᠯᠲᠤ | ᠲᠡᠷᠭᠡ ᠶᠢ 14 ᠤᠳᠠᠭ᠎ᠠ᠂ ᠣᠷᠣᠨ ᠪᠦᠰᠡ ᠶᠢᠨ ᠳᠣᠲᠣᠷᠠᠬᠢ ᠣᠷᠭᠢᠯ ᠱᠤᠭᠤᠮ ᠤᠨ ᠠᠶᠠᠨᠴᠢᠳ ᠤᠨ ᠴᠤᠪᠤᠭ᠎ᠠ ᠲᠡᠷᠭᠡ ᠶᠢ 6 ᠤᠳᠠᠭ᠎ᠠ ᠲᠣᠬᠢᠷᠠᠭᠤᠯᠬᠤ ᠶᠢᠨ | ᠬᠠᠮᠲᠤ ᠠᠶᠠᠨᠴᠢᠳ ᠤᠨ ᠠᠶᠠᠯᠠᠯ ᠤᠨ ᠬᠡᠷᠡᠭᠴᠡᠭᠡ ᠶᠢ ᠦᠨᠳᠦᠰᠦᠯᠡᠨ ᠴᠤᠪᠤᠭ᠎ᠠ ᠲᠡᠷᠭᠡᠨ ᠤ ᠣᠷᠣᠨ ᠲᠤᠭ᠎ᠠ ᠶᠢ ᠥᠷᠭᠡᠳᠬᠡᠬᠦ᠂ ᠨᠡᠮᠡᠵᠦ ᠵᠠᠯᠭᠠᠬᠤ᠂ ᠲᠦᠷ | ᠴᠠᠭ ᠤᠨ ᠠᠶᠠᠨᠴᠢᠨ ᠤ ᠴᠣᠪᠣᠭ᠎ᠠ ᠲᠡᠷᠭᠡ ᠨᠡᠮᠡᠬᠦ ᠵᠡᠷᠭᠡ ᠠᠷᠭ᠎ᠠ ᠪᠠᠷ ᠬᠠᠯᠠᠮᠰᠢᠯ ᠣᠷᠣᠨ ᠪᠦᠰᠡ ᠶᠢᠨ ᠬᠤᠭᠤᠷᠣᠨᠳᠣᠬᠢ ᠵᠥᠭᠡᠭᠡᠪᠦᠷᠢ ᠶᠢᠨ ᠴᠢᠳᠠᠪᠤᠷᠢ ᠶᠢ | ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃ | |