ᠬᠦᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 40 ᠳ᠋ᠤᠭᠡᠷ ᠲᠤᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 8 ᠳ᠋ᠤᠭᠠᠷ ᠰᠠᠷ᠎ᠠ ᠶᠢᠨ 14 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠬᠥᠬᠡᠬᠤᠲᠠ ᠶᠢᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠡᠷᠡᠭᠵᠢᠭᠦᠯᠬᠦ ᠠᠷᠭ᠎ᠠ | | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠢᠷᠭᠡᠨ ᠤ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 11 ᠳ᠋ᠤᠭᠡᠷ ᠲᠣᠭᠠᠲᠤ︶ ᠪᠠ | ︽ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠤᠯᠤᠰ ᠡᠷᠡᠭᠦᠯ | ᠦᠨᠳᠦᠰᠦᠨ ᠱᠠᠲᠤ ᠲᠠᠷᠬᠠᠭᠠᠭᠰᠠᠨ ﹇2022﹈ 10 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠱᠠᠲᠤ ᠬᠤᠪᠢᠶᠠᠨ ᠣᠨᠣᠰᠢᠯᠠᠨ ᠡᠮᠨᠡᠬᠦ | ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠶᠢ ᠵᠣᠷᠢᠭᠵᠢᠭᠤᠯᠤᠨ ᠮᠠᠨ ᠤ ᠬᠤᠲᠠ ᠶᠢᠨ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠰᠠᠬᠢᠭᠤᠯ ᠪᠣᠯᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠦᠨᠳᠦᠰᠦᠨ ᠵᠠᠷᠴᠢᠮ | 1. ᠰᠡᠷᠭᠡᠶᠢᠯᠡᠬᠦ ᠪᠠᠷ ᠭᠤᠣᠯ ᠪᠣᠯᠭᠠᠵᠤ᠂ ᠦᠨᠳᠦᠰᠦᠨ ᠱᠠᠲᠤ ᠶᠢ ᠴᠢᠩᠭᠠᠷᠠᠭᠤᠯᠤᠨ᠎ᠠ᠃ ᠤᠷᠢᠳᠴᠢᠯᠠᠨ ᠰᠡᠷᠭᠡᠶᠢᠯᠡᠬᠦ ᠶᠢ ᠨᠠᠩ ᠲᠣᠪᠣᠶᠢᠮ᠎ᠠ ᠪᠠᠶᠢᠷᠢᠨ ᠳᠤ | ᠲᠠᠯᠪᠢᠵᠤ᠂ ᠬᠦᠨᠳᠦ ᠶᠡᠭᠡ ᠡᠪᠡᠳᠴᠢᠨ ᠡᠮᠭᠡᠭ᠂ ᠡᠷᠡᠭᠦᠯ ᠮᠡᠨᠳᠦ ᠶᠢᠨ ᠭᠤᠣᠯ ᠠᠶᠤᠯᠲᠠᠢ ᠬᠦᠴᠦᠨ ᠵᠦᠢᠯ ᠪᠠ ᠭᠤᠣᠯᠳᠠᠯᠭ᠎ᠠ ᠲᠠᠢ ᠬᠥᠮᠥᠰ ᠤᠨ ᠡᠷᠡᠭᠦᠯ | ᠮᠡᠨᠳᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠡᠷᠭᠡᠶᠢᠯᠡᠬᠦ ᠵᠠᠰᠠᠬᠤ ᠶᠢ ᠤᠶᠠᠯᠳᠤᠭᠤᠯᠬᠤ ᠪᠠ ᠡᠮᠨᠡᠬᠦ ᠰᠡᠷᠭᠡᠶᠢᠯᠡᠬᠦ ᠶᠢ ᠠᠭᠤᠰᠤᠯᠴᠠᠭᠤᠯᠬᠤ ᠶᠢ ᠴᠢᠩᠭᠠᠳᠬᠠᠨ᠎ᠠ᠃ | ᠦᠨᠳᠦᠰᠦᠨ ᠱᠠᠲᠤ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠲᠦᠯᠬᠢᠨ ᠠᠬᠢᠭᠤᠯᠵᠤ᠂ ᠳᠡᠭᠡᠳᠦ | ᠳᠣᠣᠷᠠᠳᠤ ᠱᠠᠲᠤᠨ ᠤ ᠬᠠᠮᠵᠢᠯᠴᠠᠭ᠎ᠠ ᠶᠢ ᠨᠢᠭᠲᠠᠷᠠᠭᠤᠯᠵᠤ᠂ ᠦᠨᠳᠦᠰᠦᠨ ᠱᠠᠲᠤᠨ ᠤ ᠡᠪᠡᠳᠴᠢᠨ ᠰᠡᠷᠭᠡᠶᠢᠯᠡᠨ ᠡᠪᠡᠳᠴᠢᠨ ᠵᠠᠰᠠᠬᠤ ᠪᠠ ᠡᠷᠡᠭᠦᠯ ᠮᠡᠨᠳᠤ ᠶᠢᠨ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | 2. ᠶᠠᠰᠤ ᠴᠢᠨᠠᠷ ᠢ ᠳᠡᠭᠡᠭᠰᠢᠯᠡᠭᠦᠯᠵᠦ᠂ ᠲᠡᠩᠴᠡᠭᠦᠷᠢ ᠶᠢ ᠠᠬᠢᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠴᠢᠨᠠᠷ ᠰᠠᠶᠢᠲᠠᠢ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠥᠷᠭᠡᠳᠬᠡᠬᠦ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠲᠦᠷᠭᠡᠳᠬᠡᠨ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠭᠤᠥᠯᠴᠢ ᠴᠢᠨᠠᠷ ᠪᠠ ᠭᠥᠷᠳᠡᠵᠦ ᠪᠣᠯᠬᠤᠶᠢᠴᠠ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠬᠤᠶᠠᠷ︶ ᠠᠵᠢᠯ ᠤᠨ ᠬᠠᠷᠠᠯᠲᠠ | 1. ᠦᠢᠯᠡᠴᠢᠯᠡᠭᠡᠨ ᠤ ᠶᠠᠰᠤ ᠴᠢᠨᠠᠷ ᠪᠠ ᠰᠠᠭᠤᠷᠢ ᠮᠥᠩᠭᠦ ᠶᠢᠨ ᠳᠠᠭᠠᠭᠠᠬᠤ ᠴᠢᠳᠠᠪᠤᠷᠢ ᠶᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠭᠡᠷ᠎ᠡ | ᠲᠣᠭᠲᠠᠭᠰᠠᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ᠂ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃ ᠭᠡᠷᠡᠲᠦ ᠦᠢᠯᠡᠴᠢᠯᠡᠭᠡᠨ ᠤ | ᠪᠦᠷᠬᠦᠴᠡ ᠶᠢᠨ ᠨᠣᠷᠮ᠎ᠠ ᠶᠢ ᠢᠳᠡᠪᠬᠢᠲᠡᠢ ᠥᠷᠭᠡᠳᠬᠡᠵᠦ᠂ 2023 ᠣᠨ ᠤ ᠡᠴᠦᠰ ᠲᠤ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ 40% | ᠠᠴᠠ ᠳᠡᠭᠡᠭᠰᠢ ᠳᠤ ᠬᠦᠷᠦᠭᠦᠯᠬᠦ ᠶᠢᠨ ᠬᠠᠮᠲᠤ ᠣᠲᠣ ᠶᠢᠨ ᠪᠠᠶᠢᠭ᠎ᠠ ᠦᠢᠯᠡᠴᠢᠯᠡᠭᠡᠨ ᠤ ᠬᠢᠷᠢ ᠲᠦᠪᠰᠢᠨ ᠤ ᠰᠠᠭᠤᠷᠢᠨ ᠳᠡᠭᠡᠷ᠎ᠡ᠂ ᠪᠥᠬᠦ ᠬᠥᠮᠥᠰ ᠪᠠ | ᠭᠤᠣᠯᠳᠠᠯᠭ᠎ᠠ ᠲᠠᠢ ᠬᠥᠮᠥᠰ ᠤᠨ ᠭᠡᠷᠡᠲᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠵᠢᠯ ᠪᠦᠷᠢ 3 ︱5 ᠵᠠᠭᠤᠨ ᠤ ᠨᠢᠭᠡᠴᠢ ᠳᠡᠭᠡᠭᠰᠢᠯᠡᠭᠦᠯᠵᠦ᠂ ᠭᠡᠷ | ᠪᠦᠯᠢ ᠳᠤ ᠨᠡᠶᠢᠳᠡᠮ ᠪᠦᠷᠬᠦᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | 2. ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠠᠷᠠᠯᠲᠠ ᠯᠤᠭ᠎ᠠ ᠬᠠᠷᠢᠯᠴᠠᠨ ᠲᠣᠬᠢᠷᠠᠯᠴᠠᠭᠰᠠᠨ ᠬᠠᠮᠢᠶᠠᠷᠤᠯᠲᠠ ᠶᠢᠨ ᠬᠢᠨᠠᠨ ᠰᠢᠯᠭᠠᠬᠤ | ᠳᠦᠷᠢᠮ ᠢ ᠪᠠᠶᠢᠭᠤᠯᠤᠨ᠎ᠠ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠢᠶᠠᠷ ᠬᠠᠮᠢᠶᠠᠷᠤᠯᠲᠠ ᠶᠢᠨ ᠡᠲᠡᠭᠡᠳ ᠢᠶᠠᠨ ᠪᠣᠯᠭᠠᠵᠤ᠂ ᠮᠡᠳᠡᠭᠡ ᠵᠠᠩᠭᠢᠵᠢᠯᠲᠠ ᠶᠢᠨ | ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ᠂ ᠶᠠᠪᠤᠴᠠ ᠶᠢ ᠲᠡᠮᠳᠡᠭᠯᠡᠬᠦ ᠪᠠ ᠦᠷ᠎ᠡ ᠳ᠋ᠦᠩ ᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠵᠤ᠂ ᠭᠡᠷᠡᠲᠦ | ᠦᠢᠯᠡᠴᠢᠯᠡᠭᠡᠨ ᠤ ᠵᠠᠷᠤᠳᠠᠯ ᠢ ᠭᠡᠷ ᠪᠦᠯᠢ ᠶᠢᠨ ᠡᠮᠴᠢ ᠶᠢᠨ ᠪᠦᠲᠦᠮᠵᠢᠲᠡᠶ ᠵᠣᠷᠢᠭᠵᠢᠭᠤᠯᠤᠯ ᠪᠣᠯᠭᠠᠵᠤ᠂ ᠭᠡᠷ ᠪᠦᠯᠢ ᠶᠢᠨ ᠡᠮᠴᠢ ᠭᠡᠷ᠎ᠡ ᠲᠣᠭᠲᠠᠭᠰᠠᠨ ᠰᠠᠭᠤᠭᠠᠯᠢ | ᠠᠷᠠᠳ ᠲᠤ ᠪᠦᠲᠦᠮᠵᠢᠲᠡᠶ ᠡᠷᠡᠭᠦᠯ ᠮᠡᠨᠳᠦ ᠶᠢᠨ ᠬᠠᠮᠢᠶᠠᠷᠤᠯᠲᠠ ᠬᠢᠬᠦ᠂ ᠡᠮᠬᠢ ᠵᠢᠷᠤᠮ ᠲᠠᠢ ᠣᠨᠣᠰᠢᠯᠠᠨ ᠡᠮᠨᠡᠵᠦ ᠦᠢᠯᠡᠴᠢᠯᠡᠬᠦ ᠪᠠ ᠡᠮᠴᠢᠯᠡᠭᠡᠨ ᠤ ᠵᠠᠷᠤᠳᠠᠯ ᠤᠨ | ᠬᠠᠮᠢᠶᠠᠷᠤᠯᠲᠠ ᠬᠢᠬᠦ ᠶᠢ ᠠᠬᠢᠭᠤᠯᠤᠨ᠂ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ ᠱᠠᠲᠤ ᠬᠤᠪᠢᠶᠠᠨ | ᠣᠨᠣᠰᠢᠯᠠᠨ ᠡᠮᠨᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠬᠤᠶᠠᠷ᠂ ᠦᠢᠯᠡᠴᠢᠯᠡᠭᠡᠨ ᠤ ᠬᠠᠩᠭᠠᠯᠭ᠎ᠠ | ︵ᠨᠢᠭᠡ︶ ᠠᠵᠢᠯᠲᠠᠨ ᠤ ᠪᠦᠷᠢᠯᠳᠦᠯ | ᠭᠡᠷ ᠪᠦᠯᠢ ᠶᠢᠨ ᠡᠮᠴᠢ ᠳᠤ ᠶᠡᠷᠦᠩᠬᠡᠢ ᠰᠠᠯᠠᠭᠠᠨ ᠤ ᠡᠮᠴᠢ ᠪᠠᠶᠢᠬᠤ ᠪᠠᠷ ᠪᠠᠷᠠᠬᠤ ᠦᠭᠡᠢ ᠪᠠᠰᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠠᠵᠢᠯ ᠡᠷᠬᠢᠯᠡᠵᠦ ᠪᠠᠶᠢᠭ᠎ᠠ ᠪᠤᠶᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠪᠤᠰᠤᠳ ᠲᠥᠷᠥᠯ ᠢᠯᠭᠠᠯ ᠤᠨ ᠡᠮᠴᠢᠯᠡᠭᠡᠨ ᠤ ᠡᠮᠴᠢ ﹇ | ᠬᠢᠲᠠᠳ ︵ᠮᠣᠩᠭᠤᠯ︶ ᠡᠮᠨᠡᠯᠭᠡ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠥᠷᠥᠯ ᠢᠯᠭᠠᠯ ᠢ ᠪᠠᠭᠲᠠᠭᠠᠨ᠎ᠠ﹈᠂ ᠬᠥᠳᠡᠭᠡ ᠲᠣᠰᠬᠤᠨ ᠤ ᠡᠮᠴᠢ ᠵᠢᠴᠢ | ᠠᠵᠢᠯ ᠠᠴᠠ ᠪᠠᠨ ᠠᠮᠠᠷᠠᠭᠰᠠᠨ ᠡᠮᠴᠢᠯᠡᠭᠡᠨ ᠤ ᠡᠮᠴᠢ ᠪᠠᠶᠢᠨ᠎ᠠ᠃ ᠡᠭᠦᠨ ᠤ ᠬᠠᠮᠲᠤ ᠨᠥᠬᠦᠴᠡᠯ ᠳᠤ ᠨᠡᠶᠢᠴᠡᠬᠦ ᠬᠤᠶᠠᠳᠤᠭᠠᠷ᠂ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶ᠎ᠠ ᠶᠢᠨ ᠡᠮᠴᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠲᠥᠷᠥᠯ ᠢᠶᠠᠷ ᠳᠡᠮᠵᠢᠬᠦ᠂ ᠰᠠᠯᠠᠭ᠎ᠠ ᠲᠠᠰᠤᠭ ᠢ ᠬᠠᠮᠲᠤ ᠪᠠᠷ ᠪᠠᠶᠢᠭᠤᠯᠬᠤ᠂ | ᠴᠢᠳᠠᠪᠤᠷᠢᠲᠠᠨ ᠢ ᠳᠣᠷᠣᠭᠰᠢ ᠪᠠᠭᠤᠯᠭᠠᠬᠤ᠂ ᠣᠯᠠᠨ ᠭᠠᠵᠠᠷ ᠠᠵᠢᠯ ᠡᠷᠭᠢᠯᠡᠬᠦ ᠵᠡᠷᠭᠡ ᠬᠡᠯᠪᠡᠷᠢ ᠪᠠᠷ ᠭᠡᠷ ᠪᠦᠯᠢ ᠶᠢᠨ ᠡᠮᠴᠢ ᠶᠢᠨ ᠡᠩᠨᠡᠭᠡ ᠳᠤ ᠣᠷᠣᠭᠤᠯᠵᠤ᠂ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠲᠠᠪᠴᠠᠩ ᠪᠣᠯᠭᠠᠨ ᠭᠡᠷᠡᠲᠦ ᠦᠢᠯᠡᠴᠢᠯᠡᠭᠡ ᠥᠷᠨᠢᠭᠦᠯᠦᠨ᠎ᠡ᠃ | ︵ᠬᠤᠶᠠᠷ︶ ᠦᠢᠯᠡᠴᠢᠯᠡᠭᠡᠨ ᠤ ᠲᠥᠷᠥᠯ ᠢᠯᠭᠠᠯ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠳᠤ ᠦᠨᠳᠦᠰᠦᠨ ᠡᠮᠴᠢᠯᠡᠭᠡ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠬᠠᠮᠤᠷᠴᠤ᠂ ᠰᠠᠭᠤᠭᠠᠯᠢ ᠠᠷᠠᠳ ᠤᠨ ᠣᠯᠠᠨ ᠲᠠᠰ ᠳᠠᠪᠬᠤᠷᠭ᠎ᠠ ᠶᠢᠨ ᠡᠷᠡᠭᠦᠯ ᠮᠡᠨᠳᠦ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠤ ᠤᠷᠢᠳᠠᠪᠠᠷ ᠳᠥᠭᠦᠮ ᠳᠥᠲᠡ ᠦᠢᠯᠡᠴᠢᠯᠡᠭᠡ ᠶᠢ ᠬᠦᠷᠲᠡᠨ᠎ᠡ᠃ | ᠭᠤᠷᠪᠠ᠂ ᠭᠡᠷᠡᠲᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ | ︵ᠨᠢᠭᠡ︶ ᠭᠡᠷ᠎ᠡ ᠲᠣᠭᠲᠠᠬᠤ ᠭᠤᠣᠯ ᠴᠣᠭᠴᠠ᠄ ᠡᠯ᠎ᠡ ᠬᠤᠰᠢᠭᠤ ᠰᠢᠶᠠᠨ ᠲᠣᠭᠤᠷᠢᠭ ᠲᠤ ᠬᠠᠷᠢᠶᠠᠯᠠᠭᠳᠠᠬᠤ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠃ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠢ | ᠵᠣᠬᠢᠶᠠᠨ ᠪᠠᠶᠢᠭᠤᠯᠵᠤ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠨᠢᠭᠡ ᠦᠢᠯᠡᠴᠢᠯᠡᠭᠡᠨ ᠤ ᠪᠦᠯᠬᠦᠮ ᠨᠢ ᠡᠩ ᠤᠨ | ᠪᠠᠶᠢᠳᠠᠯ ᠳᠤ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠰᠠᠯᠠᠭ᠎ᠠ ᠶᠢᠨ ᠡᠮᠴᠢ᠂ ᠨᠡᠶᠢᠭᠡᠮ | ᠲᠣᠭᠤᠷᠢᠭ ᠤᠨ ᠶᠡᠷᠦᠩᠬᠡᠢ ᠰᠠᠯᠠᠭ᠎ᠠ ᠶᠢᠨ ᠡᠮᠴᠢ᠂ ᠨᠡᠶᠢᠭᠡᠮ ᠲᠣᠭᠤᠷᠢᠭ ᠤᠨ ᠰᠤᠪᠢᠯᠠᠭᠴᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠦᠪᠯᠡᠭᠴᠢ 4 | ᠠᠴᠠ ᠳᠡᠭᠡᠭᠰᠢ ᠬᠦᠮᠦᠨ ᠢᠶᠠᠷ ᠪᠦᠷᠢᠯᠳᠦᠨ᠎ᠡ᠃ | ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠰᠠᠯᠠᠭᠠᠨ ᠤ ᠡᠮᠴᠢ ᠶᠢ ᠤᠷᠢᠳᠠᠪᠠᠷ ᠡᠮᠴᠢᠯᠡᠭᠡᠨ ᠤ | ᠬᠤᠯᠪᠣᠭᠠᠲᠤ ᠴᠣᠭᠴᠠ ᠶᠢᠨ ᠳᠣᠲᠣᠷᠠᠬᠢ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠠᠴᠠ ᠭᠠᠷᠭᠠᠵᠤ᠂ ᠨᠡᠶᠢᠲᠡ ᠶᠢᠨ ᠡᠷᠡᠭᠦᠯ | ᠬᠠᠮᠠᠭᠠᠯᠠᠯ ᠤᠨ ᠡᠮᠴᠢ ᠶᠢ ᠬᠤᠰᠢᠭᠤ ᠰᠢᠶᠠᠨ ᠲᠣᠭᠤᠷᠢᠭ ᠵᠢᠴᠢ ᠲᠡᠭᠦᠨ ᠠᠴᠠ ᠳᠡᠭᠡᠭᠰᠢᠬᠢ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠠᠴᠠ | ᠭᠠᠷᠭᠠᠵᠤ᠂ ᠰᠣᠩᠭᠤᠨ ᠭᠠᠷᠭᠠᠭᠰᠠᠨ ᠲᠤᠰᠬᠠᠢ ᠮᠡᠷᠭᠡᠵᠢᠯ ᠤᠨ ᠡᠮᠴᠢ ᠵᠢᠴᠢ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠰᠠᠭᠤᠭ᠎ᠠ ᠭᠠᠵᠠᠷ ᠲᠠᠢ ᠪᠠᠨ | ᠤᠶᠠᠯᠳᠤᠭᠤᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠳᠤ | ᠣᠷᠣᠵᠤ᠂ ᠲᠤᠰᠬᠠᠢ ᠮᠡᠷᠭᠡᠵᠢᠯ ᠤᠨ ᠡᠮᠴᠢ ᠪᠤᠶᠤ ᠨᠡᠶᠢᠲᠡ ᠶᠢᠨ ᠡᠷᠡᠭᠦᠯ ᠬᠠᠮᠠᠭᠠᠯᠠᠯ ᠤᠨ ᠡᠮᠴᠢ ᠨᠢᠭᠡᠪᠦᠷᠢ ᠲᠤᠰᠬᠠᠢ ᠮᠡᠷᠭᠡᠵᠢᠯ ᠢᠶᠠᠨ ᠦᠨᠳᠦᠰᠦᠯᠡᠨ 1 ᠵᠢᠴᠢ | ᠲᠡᠭᠦᠨ ᠠᠴᠠ ᠳᠡᠭᠡᠭᠰᠢᠬᠢ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠳᠤ ᠣᠷᠣᠵᠤ ᠪᠣᠯᠣᠨ᠎ᠠ᠃ | ᠨᠡᠶᠢᠭᠡᠮ ᠲᠣᠭᠤᠷᠢᠭ ᠤᠨ ᠶᠡᠷᠦᠩᠬᠡᠢ ᠰᠠᠯᠠᠭᠠᠨ ᠤ ᠡᠮᠴᠢ᠂ ᠨᠡᠶᠢᠭᠡᠮ ᠲᠣᠭᠤᠷᠢᠭ ᠤᠨ ᠰᠤᠪᠢᠯᠠᠭᠴᠢ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠵᠦᠪᠯᠡᠭᠴᠢ ᠶᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠴᠠ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ | ᠨᠢᠭᠡᠪᠦᠷᠢ ᠶᠢᠨ ᠦᠢᠯᠡᠴᠢᠯᠡᠭᠡᠨ ᠤ ᠬᠡᠪᠴᠢᠶ᠎ᠡ ᠶᠢ ᠦᠨᠳᠦᠰᠦᠯᠡᠨ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ︶ ᠪᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠥᠷᠳᠡᠭᠡ ︵ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ︶ ᠠᠴᠠ ᠭᠠᠷᠭᠠᠨ᠎ᠠ᠃ | ︵ᠬᠤᠶᠠᠷ︶ ᠭᠡᠷ᠎ᠡ ᠲᠤᠭᠲᠠᠬᠤ ᠰᠠᠭᠤᠭᠠᠯᠢ ᠠᠷᠠᠳ᠄ ᠡᠯ᠎ᠡ ᠬᠤᠰᠢᠭᠤ ᠰᠢᠶᠠᠨ ᠲᠣᠭᠤᠷᠢᠭ ᠤᠨ ᠬᠠᠷᠢᠶ᠎ᠠ ᠣᠷᠣᠨ ᠤ ᠬᠡᠪᠴᠢᠶᠡᠨ ᠳᠠᠬᠢ ᠪᠠᠶᠢᠩᠭᠤ | ᠰᠠᠭᠤᠭ᠎ᠠ ᠰᠠᠭᠤᠭᠠᠯᠢ ᠠᠷᠠᠳ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠳᠥᠷᠪᠡ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠤᠯᠭ᠎ᠠ ᠶᠢᠨ ᠲᠡᠮᠵᠢᠯᠭᠡ | ︵ᠨᠢᠭᠡ︶ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ | ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠬᠦ ᠦᠢᠯᠡᠴᠢᠯᠡᠭᠡᠨ ᠤ ᠬᠡᠪᠴᠢᠶᠡᠨ ᠳᠤ ᠣᠷᠤᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ᠭᠡᠷ᠎ᠡ ᠲᠤᠭᠲᠠᠵᠤ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ | ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠡᠭᠦᠰᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠡᠮᠴᠢᠯᠡᠭᠡᠨ ᠤ ᠵᠠᠷᠤᠳᠠᠯ ᠢ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠤᠶᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠦᠨ ᠲᠦᠯᠦᠬᠦ ᠬᠡᠪᠴᠢᠶᠡᠨ ᠳᠤ ᠣᠷᠣᠭᠤᠯᠤᠨ᠎ᠠ᠃ ᠡᠬᠢᠯᠡᠵᠦ ᠲᠣᠭᠠᠴᠠᠭ᠎ᠠ ᠬᠢᠬᠦ ᠱᠤᠭᠤᠮ᠂ | ᠲᠠᠩᠰᠠ ᠲᠠᠶᠢᠯᠬᠤ ᠬᠠᠷᠢᠴᠠᠯ ᠢ ᠲᠣᠰ ᠲᠣᠰ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠬᠦ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠲᠦᠯᠦᠬᠦ | ᠵᠣᠭᠤᠰ ᠤᠨ ᠲᠤᠭ᠎ᠠ ᠶᠢ ᠬᠠᠷᠠᠭᠠᠯᠵᠠᠭᠰᠠᠨ ᠠᠵᠢᠯᠲᠠᠨ ᠠᠵᠢᠯᠴᠢᠨ ᠤ ᠡᠮᠴᠢᠯᠡᠭᠡᠨ ᠤ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠦᠯᠦᠪᠵᠢᠬᠦᠯᠬᠦ ᠣᠨ ᠤ ᠬᠠᠮᠤᠭ ᠤᠨ ᠦᠨᠳᠦᠷ ᠵᠣᠭᠤᠰ ᠤᠨ ᠲᠤᠭ᠎ᠠ ᠳᠤ ᠣᠷᠤᠭᠤᠯᠤᠨ᠎ᠠ | ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠬᠤᠶᠠᠷ᠂ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠡᠮᠴᠢ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠬᠦᠷᠴᠦ ᠣᠨᠣᠰᠢᠯᠠᠨ ᠪᠠᠶᠢᠴᠠᠭᠠᠬᠤ ᠰᠦᠢᠳᠭᠡᠯ ᠤᠨ ᠪᠠᠷᠢᠮᠵᠢᠶ᠎ᠠ ᠶᠢ ᠲᠣᠮᠢᠯᠠᠭᠰᠠᠨ ᠡᠮᠨᠡᠯᠭᠡ ᠶᠢᠨ | ᠬᠤᠷᠢᠶ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ ︵ᠣᠨᠴᠠ ᠬᠡᠷᠡᠭᠴᠡᠭᠡᠨ ᠤ ᠲᠥᠷᠥᠯ ᠪᠠᠭᠲᠠᠬᠤ ᠦᠭᠡᠢ︶᠃ ︵ᠬᠠᠷᠢᠭᠤᠴᠠᠯᠭᠠᠲᠤ ᠨᠢᠭᠡᠴᠢ | ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠳᠥᠷᠪᠡ︶ ᠮᠠᠨ ᠤ ᠬᠤᠲᠠ ᠶᠢᠨ 11 ᠵᠦᠢᠯ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠰᠦᠢᠳᠭᠡᠯ ᠤᠨ ᠲᠣᠭᠲᠠᠭᠰᠠᠨ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠠᠬᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠤᠤᠯ ᠤᠨ 80% | ᠪᠠᠶᠢᠭᠰᠠᠨ ᠠᠴᠠ 100% ᠪᠣᠯᠭᠠᠨ ᠲᠣᠬᠢᠷᠠᠭᠤᠯᠵᠤ᠂ ᠡᠬᠢᠯᠡᠵᠦ ᠲᠥᠯᠥᠬᠦ ᠱᠤᠭᠤᠮ ᠭᠠᠷᠭᠠᠬᠤ ᠦᠭᠡᠢ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠲᠠᠪᠤ︶ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠤᠨ | ︽ᠡᠮ ᠤᠨ ᠵᠦᠢᠯ ᠤᠨ ᠭᠠᠷᠴᠠᠭ︾ ᠤᠨ ᠡᠮ ᠢ ᠪᠡᠯᠡᠳᠬᠡᠬᠦ ᠨᠣᠷᠮ᠎ᠠ ᠶᠢ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ | ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠠᠢ ᠵᠣᠬᠢᠴᠠᠭᠤᠯᠵᠤ ᠪᠠᠶᠢᠭᠠᠳ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠡᠮ ᠤᠨ ᠰᠤᠳᠤᠯᠤᠯ ᠤᠨ ᠡᠭᠦᠳᠡᠨ ᠡᠮᠨᠡᠯᠭᠡ ᠶᠢᠨ ᠣᠨᠣᠰᠢᠯᠠᠨ ᠪᠠᠶᠢᠴᠠᠭᠠᠬᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠲᠥᠯᠥᠬᠦ | ᠬᠡᠪᠴᠢᠶᠡᠨ ᠳᠤ ᠣᠷᠣᠭᠤᠯᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠵᠢᠷᠭᠤᠭ᠎ᠠ︶ ᠣᠨᠣᠰᠢᠯᠠᠯᠲᠠ ᠨᠢ ᠲᠣᠳᠣᠷᠬᠠᠢ᠂ ᠡᠪᠡᠳᠴᠢᠨ ᠤ ᠪᠠᠶᠢᠳᠠᠯ ᠨᠢ ᠲᠣᠭᠲᠠᠭᠤᠨ᠂ ᠡᠮᠴᠢ ᠰᠤᠪᠢᠯᠠᠭᠴᠢ ᠲᠣᠭᠲᠠᠮᠠᠯ ᠬᠤᠭᠤᠴᠠᠭ᠎ᠠ ᠲᠠᠢ ᠪᠠᠷ | ᠭᠡᠷ ᠲᠤᠨᠢ ᠬᠦᠷᠴᠦ ᠡᠮᠨᠡᠨ ᠵᠠᠰᠠᠬᠤ ᠪᠠ ᠰᠤᠪᠢᠯᠠᠬᠤ ᠳᠤ ᠲᠣᠬᠢᠷᠠᠬᠤ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠭᠡᠷ ᠪᠦᠯᠢ ᠶᠢᠨ ᠡᠪᠡᠳᠴᠢᠲᠡᠨ ᠤ | ᠣᠷᠣ ᠶᠢᠨ ᠡᠮᠴᠢᠯᠡᠭᠡᠨ ᠤ ᠳᠠᠭᠠᠳᠬᠠᠯ ᠠᠴᠠ ᠳ᠋ᠦᠩᠨᠡᠨ ᠪᠤᠳᠤᠬᠤ ᠶᠢ ᠰᠦᠪᠡᠭᠴᠢᠯᠡᠨ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ᠲᠠᠪᠤ᠂ ᠭᠡᠷᠡᠲᠦ ᠦᠢᠯᠡᠴᠢᠯᠡᠭᠡᠨ ᠤ ᠰᠦᠢᠳᠭᠡᠯ ᠢ ᠲᠦᠯᠦᠬᠦ ᠡᠲᠡᠭᠡᠳ ᠵᠢᠴᠢ ᠪᠠᠷᠢᠮᠵᠢᠶ᠎ᠠ | ᠭᠡᠷᠡᠲᠦ ᠦᠢᠯᠡᠴᠢᠯᠡᠭᠡᠨ ᠤ ᠰᠦᠢᠳᠬᠡᠯ ᠪᠣᠯ ᠭᠡᠷ ᠪᠦᠯᠢ ᠶᠢᠨ ᠡᠮᠴᠢ ᠰᠠᠭᠤᠭᠠᠯᠢ ᠠᠷᠠᠳ ᠲᠠᠢ ᠭᠡᠷᠡᠲᠦ ᠦᠢᠯᠡᠴᠢᠯᠡᠭᠡᠨ ᠤ ᠬᠠᠷᠢᠴᠠᠭ᠎ᠠ ᠪᠠᠶᠢᠭᠤᠯᠤᠨ᠂ | ᠵᠣᠬᠢᠬᠤ ᠦᠢᠯᠡᠴᠢᠯᠡᠭᠡᠨ ᠤ ᠬᠠᠷᠢᠭᠤᠴᠠᠯᠭ᠎ᠠ ᠶᠢ ᠭᠦᠢᠴᠡᠳᠭᠡᠵᠦ᠂ ᠡᠮᠴᠢᠯᠡᠭᠡᠨ ᠤ ᠦᠢᠯᠡᠴᠢᠯᠡᠭᠡ᠂ ᠡᠷᠡᠭᠦᠯ ᠮᠡᠨᠳᠦ ᠶᠢᠨ ᠦᠢᠯᠡᠴᠢᠯᠡᠭᠡ ᠵᠢᠴᠢ ᠪᠤᠰᠤᠳ | ᠴᠢᠬᠤᠯᠠ ᠪᠦᠬᠦᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠬᠤ ᠨᠡᠶᠢᠲᠡ ᠵᠠᠷᠤᠳᠠᠯ ᠪᠣᠯᠤᠨ᠎ᠠ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ | ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠪᠠ ᠭᠡᠷ᠎ᠡ ᠲᠣᠭᠲᠠᠭᠰᠠᠨ ᠰᠠᠭᠤᠭᠠᠯᠢ ᠠᠷᠠᠳ ᠬᠠᠮᠲᠤᠪᠠᠷ ᠡᠭᠦᠷᠭᠡᠯᠡᠨ᠎ᠡ | ᠃ | ︵ᠨᠢᠭᠡ︶ ᠭᠡᠷᠡᠲᠦ ᠦᠢᠯᠡᠴᠢᠯᠡᠭᠡᠨ ᠤ ᠰᠦᠢᠳᠬᠡᠯ ᠢ ᠥᠭᠬᠦ ᠡᠲᠡᠭᠡᠳ ᠨᠢ ᠬᠥᠬᠡᠬᠤᠲᠠ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠭᠡᠷ᠎ᠡ ᠲᠣᠭᠲᠠᠭᠰᠠᠨ ᠰᠠᠭᠤᠭᠠᠯᠢ ᠠᠷᠠᠳ ᠪᠣᠯᠣᠨ᠎ᠠ᠃ ᠡᠭᠦᠨ ᠳᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ︵65 ᠨᠠᠰᠤ ᠪᠠᠭᠲᠠᠨ᠎ᠠ︶ | ᠂ ᠵᠢᠷᠮᠦᠰᠦᠨ ᠡᠮᠡᠭᠲᠡᠢ ᠬᠥᠩᠭᠡᠵᠢᠭᠰᠡᠨ ᠡᠮᠡᠭᠲᠡᠢ᠂ 0 ︱ 6 ᠨᠠᠰᠤᠨ ᠤ ᠬᠡᠦᠬᠡᠳ᠂ ᠵᠡᠮᠳᠡᠭᠴᠦᠳ᠂ ᠶᠠᠳᠠᠭᠤ ᠠᠴᠠ ᠠᠩᠭᠢᠵᠢᠷᠠᠭᠰᠠᠨ ᠬᠥᠮᠥᠨ᠂ | ᠲᠥᠯᠥᠪᠯᠡᠭᠡᠲᠦ ᠦᠷᠡᠵᠢᠯ ᠤᠨ ᠣᠨᠴᠠᠭᠠᠢ ᠭᠡᠷ ᠪᠦᠯᠢ ᠶᠢᠨ ᠪᠦᠷᠢᠯᠳᠦᠭᠦᠨ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠰᠦᠷᠢᠶ᠎ᠡ | ᠡᠪᠡᠳᠴᠢᠨ ᠪᠠ ᠬᠦᠨᠳᠦ ᠨᠣᠴᠢᠲᠠᠢ ᠣᠶᠤᠨ ᠮᠡᠳᠡᠷᠡᠯ ᠤᠨ ᠰᠠᠭᠠᠳ ᠲᠠᠢ ᠡᠪᠡᠳᠴᠢᠲᠡᠨ ᠵᠡᠷᠭᠡ ᠶᠢ ᠭᠡᠷᠡᠲᠦ ᠦᠢᠯᠡᠴᠢᠯᠡᠭᠡ ᠶᠢᠨ ᠭᠤᠣᠯᠳᠠᠯᠭ᠎ᠠ ᠲᠠᠢ ᠬᠥᠮᠥᠰ | ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠭᠡᠷᠡᠲᠦ ᠦᠢᠯᠡᠴᠢᠯᠡᠭᠡᠨ ᠤ ᠵᠠᠷᠤᠳᠠᠯ ᠢ ᠲᠥᠯᠥᠬᠦ ᠡᠲᠡᠭᠡᠳ ᠶᠣᠰᠣᠭᠠᠷ᠂ ᠭᠤᠣᠯᠳᠠᠯᠭ᠎ᠠ ᠲᠠᠢ ᠪᠤᠰᠤ ᠬᠥᠮᠥᠰ ᠬᠥᠮᠥᠨ ᠪᠦᠷᠢ ᠵᠢᠯ ᠳᠤ 55 | ᠲᠥᠭᠦᠷᠢᠭ ᠲᠦᠯᠦᠨ᠎ᠡ᠂ ᠡᠭᠦᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ 20 ᠲᠥᠭᠦᠷᠢᠭ ᠲᠦᠯᠦᠵᠦ᠂ ᠦᠨᠳᠦᠰᠦᠨ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠲᠦᠯᠦᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ 5 ᠲᠥᠭᠦᠷᠢᠭ ᠲᠦᠯᠦᠨ᠎ᠡ︔ | ᠭᠤᠣᠯᠳᠠᠯᠭ᠎ᠠ ᠲᠠᠢ ᠬᠥᠮᠥᠰ ᠬᠥᠮᠥᠨ ᠪᠦᠷᠢ ᠵᠢᠯ ᠳᠤ 150 ᠲᠥᠭᠦᠷᠢᠭ ᠲᠦᠯᠦᠨ᠎ᠡ᠂ ᠡᠭᠦᠨ ᠳᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ | 110 ᠲᠥᠭᠦᠷᠢᠭ ᠲᠦᠯᠦᠵᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠠᠴᠠ 30 ᠲᠥᠭᠦᠷᠢᠭ ᠲᠦᠯᠦᠵᠦ᠂ | ᠭᠡᠷ᠎ᠡ ᠲᠣᠭᠲᠠᠭᠰᠠᠨ ᠰᠠᠭᠤᠭᠠᠯᠢ ᠠᠷᠠᠳ 10 ᠲᠥᠭᠦᠷᠢᠭ ᠲᠦᠯᠦᠨ᠎ᠡ᠃ ᠡᠬᠢᠯᠡᠭᠦᠯᠦᠭᠰᠡᠨ ᠡᠮᠦᠨᠡᠬᠢ ᠭᠤᠷᠪᠠᠨ ᠵᠢᠯ ︵2023 ᠣᠨ ︱ 2025 ᠣᠨ︶ | ᠳᠤ ᠭᠡᠷ᠎ᠡ ᠲᠣᠭᠲᠠᠭᠰᠠᠨ ᠰᠠᠭᠤᠭᠠᠯᠢ ᠠᠷᠠᠳ ᠭᠡᠷᠡᠲᠦ ᠦᠢᠯᠡᠴᠢᠯᠡᠭᠡᠨ ᠤ ᠰᠦᠢᠳᠬᠡᠯ ᠢ ᠲᠦᠷ ᠲᠥᠯᠥᠬᠦ ᠦᠭᠡᠢ᠃ ᠡᠭᠦᠨ ᠤ ᠬᠠᠮᠲᠤ ᠭᠤᠣᠯᠳᠠᠯᠭ᠎ᠠ ᠲᠠᠢ | ᠬᠥᠮᠥᠰ ᠤᠨ ᠭᠡᠷ᠎ᠡ ᠲᠣᠭᠲᠠᠬᠤ ᠶᠢ ᠬᠠᠮᠤᠷᠬᠤ ᠬᠢᠷᠢ ᠲᠦᠪᠰᠢᠨ ᠢ ᠪᠣᠳᠤᠯᠬᠢᠯᠠᠵᠤ᠂ 2023 ᠣᠨ ᠤ ᠡᠴᠦᠰ ᠲᠤ᠂ ᠭᠤᠣᠯᠳᠠᠯᠭ᠎ᠠ ᠲᠠᠢ ᠬᠥᠮᠥᠰ ᠤᠨ ᠭᠡᠷᠡᠲᠦ | ᠦᠢᠯᠡᠴᠢᠯᠡᠭᠡ ᠶᠢᠨ ᠬᠠᠮᠤᠷᠬᠤ ᠨᠣᠷᠮ᠎ᠠ ᠶᠢ 78 % ᠠᠴᠠ ᠳᠣᠥᠷᠠ ᠦᠭᠡᠢ ᠪᠣᠯᠭᠠᠨ᠎ᠠ᠃ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠲᠤᠭ᠎ᠠ ᠪᠠ | ᠭᠤᠣᠯᠳᠠᠯᠭ᠎ᠠ ᠲᠠᠢ ᠬᠥᠮᠥᠰ ᠤᠨ ᠲᠤᠭ᠎ᠠ ᠶᠢ ᠬᠢᠨᠠᠨ ᠲᠣᠭᠲᠠᠭᠠᠬᠤ ᠳᠤ ᠭᠡᠷ᠎ᠡ ᠲᠣᠭᠲᠠᠭᠰᠠᠨ ᠬᠡᠯᠡᠯᠴᠡᠭᠡᠷ ᠤᠨ ᠪᠢᠴᠢᠭ ᠢᠶᠠᠷ ᠪᠠᠷᠢᠮᠵᠢᠶ᠎ᠠ ᠪᠣᠯᠭᠠᠵᠤ᠂ ᠰᠠᠭᠤᠭᠠᠯᠢ | ᠠᠷᠠᠳ ᠤᠨ ᠡᠯᠧᠺᠲᠷᠣᠨ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠬᠥᠮᠥᠷᠭᠡ ᠪᠠᠷ ᠰᠠᠭᠤᠷᠢ ᠪᠣᠯᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠠᠴᠠ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠭᠡᠷᠡᠲᠦ ᠦᠢᠯᠡᠴᠢᠯᠡᠭᠡᠨ ᠤ ᠰᠦᠢᠳᠭᠡᠯ ᠲᠦᠯᠦᠬᠦ ᠬᠥᠮᠥᠨ ᠤ ᠲᠤᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠵᠢᠷᠭᠤᠭ᠎ᠠ᠂ ᠭᠡᠷᠡᠲᠦ ᠦᠢᠯᠡᠴᠢᠯᠡᠭᠡᠨ ᠤ ᠠᠭᠤᠯᠭ᠎ᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠭᠡᠷ ᠪᠦᠯᠢ ᠶᠢᠨ ᠡᠮᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠡᠪᠡᠳᠴᠢᠨ ᠡᠮᠭᠡᠭ ᠢ ᠡᠮᠨᠡᠨ ᠵᠠᠰᠠᠬᠤ ᠠᠴᠠ ᠡᠷᠡᠭᠦᠯ ᠮᠡᠨᠳᠦ ᠶᠢᠨ ᠬᠠᠮᠢᠶᠠᠷᠤᠯᠲᠠ ᠳᠠᠰᠢ | ᠬᠤᠪᠢᠷᠠᠭᠤᠯᠬᠤ ᠶᠢ ᠠᠬᠢᠭᠤᠯᠵᠤ᠂ ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠤᠥᠯᠴᠢ ᠴᠢᠨᠠᠷ ᠪᠠ ᠬᠦᠷᠲᠡᠵᠦ ᠪᠣᠯᠬᠤᠶᠢᠴᠠ | ᠴᠢᠨᠠᠷ ᠢ ᠳᠡᠭᠡᠭᠰᠢᠯᠡᠭᠦᠯᠦᠨ᠎ᠡ᠃ | ︵ᠨᠢᠭᠡ︶ ᠭᠡᠷ ᠪᠦᠯᠢ ᠶᠢᠨ ᠡᠮᠴᠢ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠠᠶᠢᠳᠠᠯ ᠳᠤ ᠰᠦᠢᠳᠬᠡᠯ ᠬᠤᠷᠢᠶᠠᠬᠤ ᠦᠭᠡᠢ ᠪᠠᠷ | ᠦᠨᠡᠯᠡᠨ ᠵᠢᠱᠢᠯᠲᠡ ᠬᠢᠵᠦ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠩᠰᠠ ᠡᠪᠬᠡᠮᠡᠯ ᠪᠠᠶᠢᠭᠤᠯᠬᠤ ᠶᠢᠨ | ᠬᠠᠮᠲᠤ ᠬᠠᠨᠳᠤᠯᠭᠠᠲᠤ ᠴᠢᠨᠠᠷᠲᠠᠢ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠥᠰᠥᠯ ᠢ ᠲᠣᠭᠲᠠᠭᠠᠨ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠦᠨᠳᠦᠰᠦᠨ ᠣᠨᠣᠰᠢᠯᠠᠨ ᠡᠮᠨᠡᠬᠦ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠨᠡᠶᠢᠭᠡᠮ ᠲᠣᠭᠤᠷᠢᠭ ᠤᠨ | ᠡᠷᠡᠭᠦᠯᠵᠢᠯ ᠬᠢᠭᠡᠳ ᠰᠤᠪᠢᠯᠠᠯᠲᠠ ᠵᠡᠷᠭᠡ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ᠂ ᠬᠤᠶᠠᠳᠤᠭᠠᠷ᠂ ᠭᠤᠷᠪᠠᠳᠤᠭᠠᠷ ᠳᠡᠰ ᠤᠨ | ᠡᠮᠴᠢᠯᠡᠭᠡᠨ ᠤ ᠪᠠᠶᠢᠭᠤᠯᠤᠮᠵᠢ ᠶᠢᠨ ᠡᠮᠴᠢ ᠶᠢᠨ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡ ᠬᠠᠩᠭᠠᠬᠤ ᠤᠳᠠᠭ᠎ᠠ ᠶᠢ ᠨᠡᠮᠡᠭᠳᠡᠭᠦᠯᠦᠨ᠂ ᠭᠡᠷ᠎ᠡ ᠲᠣᠭᠲᠠᠭᠰᠠᠨ | ᠰᠠᠭᠤᠭᠠᠯᠢ ᠠᠷᠠᠳ ᠲᠤ ᠤᠷᠢᠳᠠᠪᠠᠷ ᠡᠮᠨᠡᠭᠦᠯᠬᠦ ᠦᠢᠯᠡᠴᠢᠯᠡᠭᠡ ᠬᠠᠩᠭᠠᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠦᠨᠳᠦᠰᠦᠨ ᠱᠠᠲᠤᠨ ᠳᠤ ᠪᠠᠭᠤᠯᠭᠠᠭᠰᠠᠨ ᠭᠡᠷ ᠪᠦᠯᠢ ᠶᠢᠨ ᠡᠮᠴᠢ ᠶᠢᠨ ᠵᠣᠷ ᠤᠨ ᠡᠷᠬᠡ ᠮᠡᠳᠡᠯ ᠤᠨ ᠬᠡᠪᠴᠢᠶ᠎ᠡ ᠶᠢ ᠲᠣᠮᠢᠯᠠᠭᠰᠠᠨ | ᠡᠮᠨᠡᠯᠭᠡ ᠶᠢᠨ ᠬᠤᠷᠢᠶ᠎ᠠ ᠶᠢᠨ ᠵᠣᠷ ᠤᠨ ᠡᠷᠬᠡ ᠮᠡᠳᠡᠯ ᠤᠨ ᠶᠣᠰᠣᠭᠠᠷ ᠬᠡᠷᠡᠭᠵᠢᠬᠦᠯᠵᠦ᠂ ᠦᠨᠳᠦᠰᠦᠨ ᠱᠠᠲᠤᠨ ᠳᠤ ᠪᠠᠭᠤᠯᠭᠠᠭᠰᠠᠨ ᠭᠡᠷ ᠪᠦᠯᠢ ᠶᠢᠨ ᠡᠮᠴᠢ ᠶᠢᠨ | ᠵᠣᠷ ᠪᠢᠴᠢᠬᠦ᠂ ᠡᠮ ᠲᠣᠬᠢᠷᠠᠭᠤᠯᠬᠤ ᠦᠭᠬᠦ ᠲᠥᠬᠦᠮ ᠳᠥᠲᠡ ᠦᠢᠯᠡᠴᠢᠯᠡᠭᠡ ᠬᠠᠩᠭᠠᠬᠤ ᠳᠤ ᠲᠥᠬᠦᠮ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠳᠥᠷᠪᠡ︶ ᠭᠡᠷ ᠪᠦᠯᠢ ᠶᠢᠨ ᠡᠮᠴᠢ ᠶᠢ ᠤᠷᠢᠳᠴᠢᠯᠠᠨ ᠪᠣᠯᠵᠤᠬᠤ ᠰᠢᠯᠵᠢᠨ ᠡᠮᠨᠡᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠵᠦ᠂ ᠱᠠᠲᠤ ᠬᠤᠪᠢᠶᠠᠨ | ᠣᠨᠣᠰᠢᠯᠠᠨ ᠡᠮᠨᠡᠬᠦ ᠶᠢ ᠴᠢᠩᠭᠠᠷᠠᠭᠤᠯᠤᠨ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠦᠨᠳᠦᠰᠦᠨ ᠱᠠᠲᠤᠨ ᠳᠤ ᠠᠩᠬ᠎ᠠ ᠡᠮᠨᠡᠬᠦᠯᠬᠦ ᠶᠢ ᠬᠦᠳᠦᠯᠦᠨ | ᠵᠢᠯᠤᠭᠤᠳᠴᠤ᠂ ᠤᠷᠢᠳᠴᠢᠯᠠᠨ ᠪᠣᠯᠵᠣᠬᠤ ᠳ᠋ᠤᠭᠠᠷ ᠤᠨ ᠢᠷᠡᠯᠲᠡ ᠶᠢ ᠤᠷᠢᠳᠠᠪᠠᠷ ᠦᠨᠳᠦᠰᠦᠨ ᠱᠠᠲᠤᠨ ᠳᠤ ᠪᠠᠭᠤᠯᠭᠠᠬᠤ ᠶᠢᠨ ᠬᠠᠮᠲᠤ ᠰᠢᠯᠵᠢᠨ ᠡᠮᠨᠡᠭᠦᠯᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠨᠡᠨᠬᠦ ᠰᠢᠯᠵᠢᠨ ᠡᠮᠨᠡᠭᠦᠯᠬᠦ ᠴᠢᠬᠤᠯᠠ ᠲᠠᠢ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠰᠢᠯᠵᠢᠨ ᠡᠮᠨᠡᠭᠦᠯᠬᠦ | ᠰᠠᠭᠠᠳ ᠦᠭᠡᠢ ᠵᠠᠮ ᠬᠠᠩᠭᠠᠵᠤ᠂ ᠤᠷᠢᠳᠠᠪᠠᠷ ᠳᠡᠭᠡᠳᠦ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠨ ᠡᠮᠨᠡᠭᠦᠯᠵᠦ᠂ ᠤᠷᠢᠳᠠᠪᠠᠷ ᠳᠡᠭᠡᠳᠦ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠢ ᠰᠠᠯᠠᠭᠠᠨ ᠤ ᠡᠮᠴᠢ ᠶᠢ ᠤᠷᠢᠳᠴᠢᠯᠠᠨ ᠪᠣᠯᠵᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠲᠠᠪᠤ︶ ︽ᠢᠨᠲ᠋ᠧᠷ ᠰᠦᠯᠵᠢᠶ᠎ᠡ + ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡ︾ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ | ᠲᠦᠷᠭᠡᠳᠬᠡᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠠᠳᠠᠯᠢ ᠬᠠᠷᠠᠭᠠᠯᠵᠠᠯ ᠤᠨ ᠪᠠᠷᠢᠮᠵᠢᠶ᠎ᠠ ᠶᠢ ᠪᠡᠶᠡᠯᠡᠭᠦᠯᠵᠦ᠂ ᠭᠡᠷ ᠪᠦᠯᠢ ᠶᠢᠨ | ᠡᠮᠴᠢ ᠶᠢᠨ ᠭᠡᠷᠡᠲᠦ ᠦᠢᠯᠡᠴᠢᠯᠡᠭᠡᠨ ᠤ ᠨᠢᠭᠡᠳᠦᠯᠲᠡᠢ APP ᠶᠢ ᠨᠡᠭᠡᠭᠡᠵᠦ᠂ ᠦᠢᠯᠡᠴᠢᠯᠡᠭᠡᠨ ᠤ ᠴᠢᠳᠠᠮᠵᠢ ᠶᠢ ᠰᠢᠯᠢᠳᠡᠭᠵᠢᠭᠦᠯᠦᠨ᠂ ᠰᠦᠯᠵᠢᠶᠡᠨ ᠳᠡᠭᠡᠷ᠎ᠡ ᠭᠡᠷ᠎ᠡ | ᠲᠣᠭᠲᠠᠬᠤ᠂ ᠡᠷᠡᠭᠦᠯ ᠮᠡᠨᠳᠦ ᠶᠢᠨ ᠵᠥᠪᠯᠡᠯᠭᠡ ᠥᠭᠬᠦ᠂ ᠡᠷᠡᠭᠦᠯ ᠮᠡᠨᠳᠦ ᠶᠢᠨ ᠬᠥᠮᠦᠵᠢᠯ ᠬᠢᠬᠦ᠂ ᠡᠷᠡᠭᠦᠯ ᠮᠡᠨᠳᠦ ᠶᠢ ᠳᠠᠭᠠᠵᠤ ᠰᠤᠷᠪᠤᠯᠵᠢᠯᠠᠬᠤ᠂ ᠪᠠᠶᠢᠩᠭᠤ | ᠲᠣᠬᠢᠶᠠᠯᠳᠤᠬᠤ ᠡᠪᠡᠳᠴᠢᠨ ᠪᠠ ᠤᠳᠠᠭᠠᠨ ᠴᠢᠨᠠᠷᠲᠠᠢ ᠡᠪᠡᠳᠴᠢᠨ ᠢ ᠳᠠᠬᠢᠨ ᠡᠮᠨᠡᠬᠦ ᠵᠡᠷᠭᠡ ᠰᠦᠯᠵᠢᠶᠡᠨ ᠳᠡᠭᠡᠷᠡᠬᠢ ᠦᠢᠯᠡᠴᠢᠯᠡᠭᠡ ᠵᠢᠴᠢ ᠬᠤᠣᠰ ᠴᠢᠭᠯᠡᠯ ᠢᠶᠠᠷ | ᠰᠢᠯᠵᠢᠭᠦᠯᠦᠨ ᠣᠨᠤᠰᠢᠯᠠᠨ ᠵᠠᠰᠠᠬᠤ᠂ ᠰᠢᠯᠭᠠᠨ ᠪᠠᠶᠢᠴᠠᠭᠠᠬᠤ᠂ ᠡᠷᠡᠭᠦᠯᠵᠢᠭᠦᠯᠬᠦ ᠰᠤᠪᠢᠯᠠᠯᠲᠠ᠂ ᠭᠡᠷ ᠲᠤᠨᠢ ᠬᠦᠷᠴᠦ ᠦᠢᠯᠡᠴᠢᠯᠡᠬᠦ ᠪᠠ ᠡᠮ ᠤᠨ ᠵᠦᠢᠯ ᠢ | ᠲᠣᠬᠢᠷᠠᠭᠤᠯᠤᠨ ᠬᠦᠷᠭᠡᠬᠦ ᠵᠡᠷᠭᠡ ᠰᠦᠯᠵᠢᠶᠡᠨ ᠭᠠᠳᠠᠨᠠᠬᠢ ᠦᠢᠯᠡᠴᠢᠯᠡᠭᠡ ᠶᠢ ᠬᠠᠩᠭᠠᠵᠤ᠂ ᠰᠢᠯᠵᠢᠮᠡᠯ ᠲᠥᠯᠥᠬᠦ ᠴᠢᠳᠠᠮᠵᠢ ᠶᠢ ᠪᠡᠶᠡᠯᠡᠭᠦᠯᠬᠦ ᠶᠢ ᠠᠬᠢᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠵᠢᠷᠭᠤᠭ᠎ᠠ︶ ︽ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠢᠯᠡᠴᠢᠯᠡᠭᠡ︾ ᠶᠢ ᠰᠦᠪᠡᠭᠴᠢᠯᠡᠨ ᠬᠡᠷᠡᠭᠵᠢᠭᠦᠯᠵᠦ᠂ ︽ᠰᠦᠯᠵᠢᠶᠡᠨ ᠳᠡᠭᠡᠷ᠎ᠡ | ᠭᠤᠶᠤᠴᠢᠯᠠᠬᠤ᠂ ᠰᠦᠯᠵᠢᠶᠡᠨ ᠤ ᠭᠠᠳᠠᠨ᠎ᠠ ᠦᠢᠯᠡᠴᠢᠯᠡᠬᠦ︾ ᠵᠠᠭᠪᠤᠷ ᠢ ᠬᠡᠷᠡᠭᠯᠡᠨ᠂ ᠭᠡᠷ ᠪᠦᠯᠢ ᠶᠢᠨ ᠰᠤᠪᠢᠯᠠᠯᠲᠠ ᠶᠢᠨ ᠦᠢᠯᠡᠴᠢᠯᠡᠭᠡᠨ ᠤ ᠴᠤᠪᠤᠷᠠᠯ ᠢ | ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ᠂ ᠲᠤᠷᠰᠢᠯᠭ᠎ᠠ ᠪᠠᠷ ᠪᠠᠶᠠᠯᠢᠭ ᠡᠮᠴᠢᠯᠡᠭᠡᠨ ᠤ ᠡᠮᠴᠢ ᠪᠠ ᠰᠤᠪᠢᠯᠠᠭᠴᠢ ᠶᠢ ᠰᠣᠩᠭᠤᠨ | ᠲᠣᠮᠢᠯᠠᠵᠤ ︽ᠢᠨᠲ᠋ᠧᠷ ᠰᠦᠯᠵᠢᠶ᠎ᠡ + ᠰᠤᠪᠢᠯᠠᠯᠲᠠ ᠶᠢᠨ ᠦᠢᠯᠡᠴᠢᠯᠡᠭᠡ︾ ᠶᠢ ᠥᠷᠨᠢᠭᠦᠯᠵᠦ᠂ ᠭᠡᠷ ᠪᠦᠯᠢ ᠶᠢᠨ ᠰᠤᠪᠢᠯᠠᠯᠲᠠ ᠶᠢ ᠭᠡᠷ᠎ᠡ ᠲᠣᠭᠲᠠᠭᠰᠠᠨ | ᠰᠠᠭᠤᠭᠠᠯᠢ ᠠᠷᠠᠳ ᠤᠨ ᠭᠡᠷ ᠲᠤ ᠬᠦᠷᠭᠡᠨ᠂ ᠴᠢᠨᠠᠷ ᠰᠠᠶᠢᠲᠠᠢ ᠰᠤᠪᠢᠯᠠᠯᠲᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠨᠡᠪᠲᠡᠷᠡᠭᠦᠯᠦᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | ︵ᠳᠣᠯᠤᠭ᠎ᠠ︶ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ ᠤᠨ ᠪᠠᠲᠤᠯᠠᠭ᠎ᠠ ᠶᠢᠨ ᠬᠡᠪᠴᠢᠶᠡᠨ ᠳᠤ ᠨᠡᠶᠢᠴᠡᠭᠰᠡᠨ ᠪᠠᠶᠢᠪᠠᠯ | ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ︶ | ︵ᠨᠠᠢᠮᠠ︶ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠳᠬᠠᠨ᠎ᠠ᠃ ᠬᠤᠪᠢ ᠬᠥᠮᠥᠨ ᠤ ᠡᠯᠧᠺᠲᠷᠣᠨ ᠡᠷᠡᠭᠦᠯ | ᠮᠡᠨᠳᠦ ᠶᠢᠨ ᠲᠠᠩᠰᠠ ᠡᠪᠬᠡᠮᠡᠯ᠂ ᠡᠯᠧᠺᠲᠷᠣᠨ ᠡᠪᠡᠳᠴᠢᠨ ᠤ ᠲᠡᠦᠬᠡ ᠪᠠ ᠡᠯᠧᠺᠲᠷᠣᠨ ᠠᠨᠠᠭᠠᠬᠤ ᠤᠬᠠᠭᠠᠨ ᠤ ᠬᠡᠷᠡᠯ ᠵᠢᠷᠤᠭ ᠵᠡᠷᠭᠡ ᠲᠤᠭ᠎ᠠ ᠪᠠᠷᠢᠮᠲᠠ ᠶᠢᠨ | ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠭᠡᠷ ᠪᠦᠯᠢ ᠶᠢᠨ ᠡᠮᠴᠢ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠪᠦᠷᠢᠨ ᠪᠦᠲᠦᠨ ᠲᠤᠭ᠎ᠠ | ᠪᠠᠷᠢᠮᠲᠠ ᠶᠢ ᠴᠠᠭ ᠲᠤᠬᠠᠢ ᠳᠤᠨᠢ ᠭᠠᠷᠭᠠᠨ ᠦᠵᠡᠵᠦ ᠴᠢᠳᠠᠬᠤ ᠪᠣᠯᠭᠠᠵᠤ᠂ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠳᠡᠭᠡᠭᠰᠢ ᠳᠣᠷᠣᠭᠰᠢ ᠨᠡᠪᠲᠡᠷᠡᠭᠦᠯᠬᠦ᠂ | ᠬᠥᠨᠳᠡᠯᠡᠨ ᠢᠶᠠᠷ ᠬᠠᠮᠲᠤᠪᠠᠷ ᠭᠥᠷᠳᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠡᠶᠡᠯᠡᠭᠦᠯᠵᠦ᠂ ᠦᠷᠭᠦᠯᠵᠢᠯᠡᠭᠰᠡᠨ ᠴᠢᠨᠠᠷᠲᠠᠢ ᠡᠷᠡᠭᠦᠯ | ᠮᠡᠨᠳᠦ ᠶᠢᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠᠷ ᠳᠠᠮᠵᠢᠭᠤᠯᠤᠨ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ᠂ ᠡᠪᠡᠳᠴᠢᠨ ᠦᠵᠡᠭᠦᠯᠬᠦ ᠳᠤ ᠬᠡᠷᠡᠭᠯᠡᠬᠦ ᠡᠮ ᠵᠢᠴᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠵᠡᠷᠭᠡ | ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠵᠦ᠂ ᠰᠠᠭᠤᠭᠠᠯᠢ ᠠᠷᠠᠳ ᠤᠨ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ | ᠠᠬᠢᠭᠤᠯᠤᠨ᠎ᠠ᠃ ᠣᠷᠣᠨ ᠪᠦᠰᠡ ᠶᠢᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠢᠷᠢ ᠲᠥᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠭᠡᠷ ᠪᠦᠯᠢ ᠶᠢᠨ ᠡᠮᠴᠢ ᠶᠢᠨ ᠡᠮᠴᠢᠯᠡᠭᠡᠨ ᠤ ᠶᠠᠪᠤᠳᠠᠯ ᠤᠨ ᠪᠤᠰᠤ ᠴᠢᠨᠠᠷᠲᠠᠢ ᠳᠠᠷᠤᠭᠠᠰᠤ ᠶᠢ ᠬᠥᠩᠭᠡᠯᠡᠨ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠳᠣᠯᠤᠭ᠎ᠠ᠂ ᠭᠡᠷᠡᠲᠦ ᠦᠢᠯᠡᠴᠢᠯᠡᠭᠡᠨ ᠤ ᠰᠦᠢᠳᠬᠡᠯ ᠢ ᠰᠠᠯᠭᠠᠨ ᠥᠭᠬᠦ | ︵ᠨᠢᠭᠡ︶ ᠭᠡᠷᠡᠲᠦ ᠦᠢᠯᠡᠴᠢᠯᠡᠭᠡᠨ ᠤ ᠰᠦᠢᠳᠭᠡᠯ ᠪᠣᠯ ᠭᠡᠷ ᠪᠦᠯᠢ ᠶᠢᠨ ᠡᠮᠴᠢ ᠶᠢᠨ ᠪᠠᠶᠢᠭ᠎ᠠ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣᠯᠭ᠎ᠠ ᠶᠢᠨ ᠪᠦᠷᠢᠯᠳᠦᠭᠦᠨ ᠬᠡᠰᠡᠭ ᠪᠣᠯᠣᠨ᠎ᠠ᠃ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠰᠦᠢᠳᠬᠡᠯ ᠢ ᠭᠡᠷ᠎ᠡ ᠲᠣᠭᠲᠠᠭᠰᠠᠨ ᠰᠠᠭᠤᠭᠠᠯᠢ ᠠᠷᠠᠳ ᠬᠤᠪᠢ ᠬᠥᠮᠥᠨ ᠡᠭᠦᠷᠭᠡᠯᠡᠵᠦ᠂ ᠭᠡᠷ᠎ᠡ | ᠲᠣᠭᠲᠠᠭᠰᠠᠨ ᠰᠠᠭᠤᠭᠠᠯᠢ ᠠᠷᠠᠳ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ | ᠰᠢᠭᠤᠳ ᠲᠤᠰᠢᠶᠠᠨ᠎ᠠ︔ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠵᠠᠷᠤᠳᠠᠯ ᠤᠨ ᠡᠭᠦᠷᠭᠡᠯᠡᠬᠦ ᠬᠡᠰᠡᠭ ᠢ ᠭᠡᠷ᠎ᠡ ᠲᠣᠭᠲᠠᠭᠰᠠᠨ ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ | ᠪᠦᠷᠢᠳᠬᠡᠭᠰᠡᠨ ᠤ ᠳᠠᠷᠠᠭ᠎ᠠ᠂ ᠲᠣᠰ ᠲᠣᠰ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠰᠠᠯᠠᠭ᠎ᠠ ᠮᠥᠴᠢᠷ ᠲᠤ ᠪᠡᠯᠡ ᠮᠥᠩᠭᠦ ᠶᠢᠨ ᠭᠤᠶᠤᠴᠢᠯᠠᠯ ᠭᠠᠷᠭᠠᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠬᠢᠨᠠᠨ ᠲᠣᠭᠲᠠᠭᠠᠭᠰᠠᠨ ᠤ ᠳᠠᠷᠠᠭ᠎ᠠ᠂ ᠲᠣᠰ ᠲᠣᠰ ᠭᠡᠷ᠎ᠡ ᠲᠣᠭᠲᠠᠭᠰᠠᠨ ᠲᠤᠭᠲᠠᠭᠰᠠᠨ ᠴᠡᠭ ᠤᠨ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠠᠯᠭᠠᠨ ᠥᠭᠭᠦᠨ᠎ᠡ᠃ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ | ᠰᠦᠢᠳᠬᠡᠯ ᠢ ᠬᠤᠶᠠᠷ ᠱᠠᠲᠤ ᠬᠤᠪᠢᠶᠠᠨ ᠰᠠᠯᠭᠠᠨ ᠥᠭᠴᠦ᠂ ᠨᠢᠭᠡᠳᠦᠭᠡᠷ ᠱᠠᠲᠤ ᠦᠶ᠎ᠡ ᠳᠤ ᠭᠡᠷ᠎ᠡ ᠲᠣᠭᠲᠠᠭᠰᠠᠨ ᠦᠢᠯᠡᠴᠢᠯᠡᠭᠡᠨ ᠤ ᠰᠦᠢᠳᠬᠡᠯ ᠤᠨ | 50% ᠪᠠᠷ ᠦᠨᠳᠦᠰᠦᠨ ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠴᠦ᠂ ᠬᠢᠨᠠᠨ ᠲᠣᠭᠲᠠᠭᠠᠭᠰᠠᠨ ᠭᠡᠷᠡᠲᠦ ᠦᠢᠯᠡᠴᠢᠯᠡᠭᠡᠨ ᠤ ᠰᠦᠢᠳᠬᠡᠯ ᠣᠯᠭᠤᠬᠤ | ᠡᠲᠡᠭᠡᠳ ᠤᠨ ᠬᠥᠮᠥᠨ ᠤ ᠲᠤᠭ᠎ᠠ ᠪᠠᠷ ᠬᠢᠨᠠᠨ ᠪᠣᠳᠤᠵᠤ᠂ ᠤᠯᠠᠷᠢᠯ ᠢᠶᠠᠷ ᠰᠠᠯᠭᠠᠨ ᠥᠭᠭᠦᠨ᠎ᠡ︔ ᠬᠤᠶᠠᠳᠤᠭᠠᠷ ᠱᠠᠲᠤ ᠦᠶ᠎ᠡ ᠳᠤ ᠬᠢᠨᠠᠨ ᠰᠢᠯᠭᠠᠭᠰᠠᠨ | ᠦᠷ᠎ᠡ ᠳ᠋ᠦᠩ ᠢᠶᠠᠷ ᠦᠨᠳᠦᠰᠦᠯᠡᠯ ᠪᠣᠯᠭᠠᠵᠤ᠂ ᠭᠡᠷᠡᠲᠦ ᠦᠢᠯᠡᠴᠢᠯᠡᠭᠡᠨ ᠤ ᠰᠦᠢᠳᠬᠡᠯ ᠤᠨ ᠦᠯᠡᠳᠡᠭᠰᠡᠨ 50% ᠶᠢ ᠬᠠᠷᠢᠴᠠᠯ ᠶᠣᠰᠣᠭᠠᠷ ᠰᠠᠯᠭᠠᠨ ᠥᠭᠭᠦᠨ᠎ᠡ | ᠃ ︵ ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠡᠭᠦᠰᠭᠡᠭᠰᠡᠨ᠂ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠷᠥᠯ ᠵᠦᠢᠯ ᠪᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠨᠡᠶᠢᠴᠡᠬᠦ ᠡᠮᠴᠢᠯᠡᠭᠡᠨ ᠤ | ᠵᠠᠷᠤᠳᠠᠯ ᠳᠤ ᠲᠥᠷᠥᠯ ᠵᠦᠢᠯ ᠢᠶᠠᠷ ᠵᠠᠷᠤᠳᠠᠯ ᠲᠤᠰᠢᠶᠠᠬᠤ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠬᠥᠮᠥᠰ ᠲᠤ ᠬᠥᠮᠥᠨ ᠤ ᠲᠤᠭ᠎ᠠ ᠪᠠᠷ ᠵᠠᠷᠤᠳᠠᠯ | ᠲᠤᠰᠢᠶᠠᠬᠤ ᠶᠢ ᠰᠦᠪᠡᠭᠴᠢᠯᠡᠵᠦ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠠᠷᠭ᠎ᠠ ᠪᠠᠷᠢᠯ ᠢ ᠠᠰᠢᠭᠯᠠᠨ ᠡᠮᠴᠢᠯᠡᠭᠡᠨ ᠤ ᠡᠬᠢ ᠪᠠᠶᠠᠯᠢᠭ ᠤᠨ | ᠬᠤᠷᠣᠭᠳᠠᠯ ᠤᠨ ᠬᠡᠮᠵᠢᠶ᠎ᠡ ᠶᠢ ᠪᠦᠲᠦᠮᠵᠢᠲᠡᠶ ᠪᠠᠭᠤᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠨᠠᠢᠮᠠ᠂ ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠎ᠡ | ︵ᠨᠢᠭᠡ︶ ᠭᠡᠷ ᠪᠦᠯᠢ ᠶᠢᠨ ᠡᠮᠴᠢ ᠶᠢ ᠬᠥᠮᠥᠵᠢᠭᠦᠯᠦᠨ ᠪᠣᠯᠪᠠᠰᠤᠷᠠᠭᠤᠯᠬᠤ ᠰᠢᠰᠲ᠋ᠧᠮᠵᠢ ᠶᠢ ᠴᠢᠩᠭᠠᠷᠠᠭᠤᠯᠤᠨ᠎ᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠭᠡᠷ ᠪᠦᠯᠢ ᠶᠢᠨ ᠡᠮᠴᠢ ᠶᠢᠨ ᠡᠮᠴᠢᠯᠡᠭᠡᠨ ᠤ ᠣᠨᠣᠰᠢᠯᠠᠨ ᠡᠮᠨᠡᠬᠦ ᠦᠢᠯᠡᠴᠢᠯᠡᠭᠡᠨ ᠤ | ᠴᠢᠳᠠᠪᠤᠷᠢ ᠪᠠ ᠶᠡᠷᠦᠩᠬᠡᠢ ᠰᠠᠯᠠᠭᠠᠨ ᠤ ᠣᠨᠣᠯᠵᠢᠬᠤᠨ᠂ ᠮᠡᠳᠡᠯᠭᠡ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠰᠢᠰᠲ᠋ᠧᠮᠵᠢ ᠶᠢ ᠰᠢᠯᠢᠳᠡᠭᠵᠢᠭᠦᠯᠵᠦ᠂ | ᠬᠠᠨᠳᠤᠯᠭᠠᠲᠤ ᠴᠢᠨᠠᠷ᠂ ᠠᠵᠢᠯᠯᠠᠭᠠᠨ ᠤ ᠴᠢᠨᠠᠷ ᠢᠶᠠᠷ ᠴᠢᠩᠭ᠎ᠠ ᠪᠣᠳᠠᠲᠤ ᠬᠡᠷᠡᠭᠯᠡᠭᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠭᠤᠣᠯᠳᠠᠯᠭ᠎ᠠ ᠲᠠᠢ | ᠴᠢᠩᠭᠠᠳᠬᠠᠨ᠎ᠠ᠃ 2025 ᠣᠨ ᠪᠣᠯᠬᠤ ᠳᠤ᠂ ᠠᠵᠢᠯ ᠲᠥᠷᠥᠯ ᠤᠨ ᠣᠨᠴᠠᠯᠢᠭ ᠲᠤ ᠵᠣᠬᠢᠴᠠᠭᠰᠠᠨ ᠶᠡᠷᠦᠩᠬᠡᠢ ᠰᠠᠯᠠᠭᠠᠨ ᠤ ᠡᠮᠴᠢ ᠶᠢ ᠬᠥᠮᠥᠵᠢᠭᠦᠯᠬᠦ | ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠶᠡᠷᠦᠩᠬᠡᠢ ᠰᠠᠯᠠᠭᠠᠨ ᠤ ᠠᠨᠠᠭᠠᠬᠤ ᠤᠬᠠᠭᠠᠨ ᠤ ᠴᠢᠳᠠᠪᠤᠷᠢᠲᠠᠨ ᠤ ᠬᠥᠭᠵᠢᠯᠲᠡ ᠳᠤ ᠵᠣᠬᠢᠴᠠᠭᠰᠠᠨ | ᠤᠷᠮᠠᠰᠢᠭᠤᠯᠬᠤ ᠲᠣᠭᠲᠠᠴᠠ ᠶᠢ ᠦᠨᠳᠦᠰᠦᠨ ᠳᠡᠭᠡᠨ ᠪᠦᠷᠢᠨᠰᠢᠭᠦᠯᠵᠦ᠂ ᠶᠡᠷᠦᠩᠬᠡᠢ ᠰᠠᠯᠠᠭᠠᠨ ᠤ ᠡᠮᠴᠢ ᠶᠢᠨ ᠠᠵᠢᠯ ᠤᠨ ᠲᠠᠲᠠᠬᠤ ᠬᠦᠴᠦᠨ ᠢ ᠢᠯᠡᠷᠬᠡᠢ | ᠳᠡᠭᠡᠭᠰᠢᠯᠡᠭᠦᠯᠦᠨ᠂ ᠬᠤᠳᠠ ᠬᠥᠳᠡᠭᠡ ᠶᠢᠨ ᠲᠠᠷᠬᠠᠯᠲᠠ ᠵᠦᠢ ᠵᠣᠬᠢᠰᠲᠠᠢ ᠪᠣᠯᠬᠤ ᠲᠡᠰᠢ ᠬᠠᠨᠳᠤᠵᠤ᠂ ᠦᠢᠯᠡᠴᠢᠯᠡᠭᠡᠨ ᠤ ᠴᠢᠳᠠᠪᠤᠷᠢ ᠶᠢ ᠢᠯᠡᠷᠬᠡᠢ ᠨᠡᠮᠡᠭᠳᠡᠭᠦᠯᠦᠨ | ᠂ ᠶᠡᠷᠦᠩᠬᠡᠢ ᠰᠠᠯᠠᠭᠠᠨ ᠤ ᠡᠮᠴᠢ ᠬᠢᠭᠡᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠤᠭᠤᠷᠤᠨᠳᠤᠬᠢ ᠲᠣᠭᠲᠠᠭᠤᠨ ᠦᠢᠯᠡᠴᠢᠯᠡᠭᠡᠨ ᠤ ᠬᠠᠷᠢᠴᠠᠭ᠎ᠠ ᠶᠢ | ᠦᠨᠳᠦᠰᠦᠨ ᠳᠡᠭᠡᠨ ᠪᠠᠶᠢᠭᠤᠯᠵᠤ᠂ ᠬᠤᠳᠠ ᠬᠥᠳᠡᠭᠡ ᠶᠢᠨ ᠲᠦᠮᠡᠨ ᠰᠠᠭᠤᠭᠠᠯᠢ ᠠᠷᠠᠳ ᠪᠦᠷᠢ ᠳᠤ 3 ᠬᠢᠷᠢ ᠲᠡᠩᠴᠡᠭᠰᠡᠨ ᠶᠡᠷᠦᠩᠬᠡᠢ ᠰᠠᠯᠠᠭᠠᠨ ᠤ ᠡᠮᠴᠢ ᠲᠠᠢ | ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ︶ | ︵ᠬᠤᠶᠠᠷ︶ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠷᠢᠮᠵᠢᠶᠠᠵᠢᠭᠰᠠᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ | ᠪᠡᠯᠡᠳᠬᠡᠮᠵᠢ ᠪᠠ ᠲᠣᠨᠤᠭ ᠲᠥᠬᠦᠭᠡᠷᠦᠮᠵᠢ ᠶᠢᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠨ᠎ᠠ᠃ ︽ᠦᠨᠳᠦᠰᠦᠨ ᠱᠠᠲᠤᠨ ᠤ ᠰᠢᠯᠢᠳᠡᠭ | ᠦᠢᠯᠡᠴᠢᠯᠡᠭᠡᠨ ᠤ ᠠᠶᠠᠯᠠᠯ︾᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠠᠵᠢᠯᠲᠠᠨ ᠤ ᠪᠣᠯᠪᠠᠰᠤᠷᠠᠭᠤᠯᠤᠯ ᠢ ᠥᠷᠨᠢᠭᠦᠯᠬᠦ ᠪᠠᠷ ᠳᠠᠮᠵᠢᠭᠤᠯᠤᠨ᠂ ᠭᠡᠷ | ᠪᠦᠯᠢ ᠶᠢᠨ ᠡᠮᠴᠢ ᠶᠢᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠵᠢᠴᠢ ᠤᠳᠠᠭᠠᠨ ᠴᠢᠨᠠᠷᠲᠠᠢ ᠡᠪᠡᠳᠴᠢᠨ | ᠢ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ | ᠬᠤᠯᠪᠤᠭᠳᠠᠯ ᠪᠦᠬᠦᠢ ᠣᠨᠣᠰᠢᠯᠠᠨ ᠡᠮᠨᠡᠬᠦ ᠵᠢᠷᠤᠮᠵᠢᠯ ᠶᠣᠰᠣᠭᠠᠷ ᠬᠠᠷᠠᠭᠠᠯᠵᠠᠭᠰᠠᠨ ᠬᠢᠷᠢ ᠬᠡᠮ ᠤᠨ ᠱᠠᠭᠠᠷᠳᠠᠯᠭ᠎ᠠ ᠳᠤ ᠨᠡᠶᠢᠴᠡᠭᠰᠡᠨ ᠦᠢᠯᠡᠴᠢᠯᠡᠭᠡᠨ ᠤ ᠲᠥᠷᠥᠯ | ᠵᠦᠢᠯ ᠢ ᠥᠷᠨᠢᠭᠦᠯᠵᠦ᠂ ᠡᠷᠡᠭᠦᠯᠵᠢᠭᠦᠯᠬᠦ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ᠂ ᠠᠮᠤᠷᠵᠢᠭᠤᠯᠬᠤ ᠡᠮᠴᠢᠯᠡᠭᠡ ᠰᠣᠪᠢᠯᠠᠯᠲᠠ᠂ ᠣᠶᠤᠨᠴᠢ ᠪᠠᠷ | ᠲᠤᠰᠠᠯᠠᠨ ᠣᠨᠤᠰᠢᠯᠠᠨ ᠡᠮᠨᠡᠬᠦ ᠵᠡᠷᠭᠡ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠭᠤᠷᠪᠠ︶ ᠬᠠᠷᠢᠮᠠᠬᠠᠢ ᠴᠢᠨᠠᠷᠲᠠᠢ ᠦᠢᠯᠡᠴᠢᠯᠡᠭᠡᠨ ᠤ ᠬᠡᠯᠡᠯᠴᠡᠭᠡᠷ ᠢ ᠳᠡᠯᠭᠡᠷᠡᠭᠦᠯᠦᠨ᠎ᠡ | ᠦᠢᠯᠡᠴᠢᠯᠡᠭᠡᠨ ᠤ ᠬᠡᠯᠡᠯᠴᠡᠭᠡᠷ ᠲᠤ ᠦᠢᠯᠡᠴᠢᠯᠡᠭᠡᠨ ᠤ ᠠᠭᠤᠯᠭ᠎ᠠ᠂ ᠠᠷᠭ᠎ᠠ ᠮᠠᠶ᠋ᠢᠭ᠂ ᠬᠤᠭᠤᠴᠠᠭ᠎ᠠ᠂ ᠵᠠᠷᠤᠳᠠᠯ ᠪᠠ ᠬᠤᠶᠠᠷ ᠲᠠᠯ᠎ᠠ ᠶᠢᠨ ᠬᠠᠷᠢᠭᠤᠴᠠᠯᠭ᠎ᠠ | ᠂ ᠡᠷᠬᠡ᠂ ᠡᠭᠦᠷᠭᠡ ᠵᠢᠴᠢ ᠪᠤᠰᠤᠳ ᠬᠠᠮᠢᠶ᠎ᠠ ᠪᠦᠬᠦᠢ ᠵᠦᠢᠯᠡᠰ ᠢ ᠲᠣᠳᠣᠷᠬᠠᠶᠢᠯᠠᠬᠤ ᠬᠡᠷᠡᠭᠲᠡᠢ᠃ ᠦᠢᠯᠡᠴᠢᠯᠡᠭᠡᠨ ᠤ ᠬᠡᠯᠡᠯᠴᠡᠭᠡᠷ ᠤᠨ ᠬᠦᠴᠦᠨ ᠲᠠᠢ | ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 1 ᠵᠢᠯ ᠪᠠᠶᠢᠬᠤ ᠬᠡᠷᠡᠭᠲᠡᠢ᠂ ᠪᠠᠰᠠ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠ ᠲᠤᠭᠲᠠᠭᠰᠠᠨ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠦᠢᠯᠡᠴᠢᠯᠡᠭᠡᠨ ᠤ ᠬᠠᠷᠢᠴᠠᠭ᠎ᠠ ᠨᠢ | ᠲᠣᠭᠲᠠᠪᠤᠷᠢᠲᠠᠢ ᠭᠡᠷ ᠪᠦᠯᠢ ᠶᠢᠨ ᠡᠮᠴᠢ ᠪᠠ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ 3 ᠵᠢᠯ ᠤᠨ ᠬᠦᠴᠦᠨ ᠲᠠᠢ ᠬᠤᠭᠤᠴᠠᠭ᠎ᠠ ᠠᠴᠠ ᠥᠯᠥ ᠬᠡᠲᠦᠷᠡᠬᠦ | ᠬᠠᠷᠢᠮᠠᠬᠠᠢ ᠴᠢᠨᠠᠷᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠬᠤ ᠶᠢ ᠵᠥᠪᠰᠢᠶᠡᠷᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠶᠢᠰᠦ᠂ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ | ︵ᠨᠢᠭᠡ︶ ᠬᠢᠨᠠᠨ ᠰᠢᠯᠭᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠦᠷᠦᠭᠦᠯᠡᠨ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢᠨ ᠬᠢᠨᠠᠨ ᠰᠢᠯᠭᠠᠬᠤ | ᠲᠣᠭᠲᠠᠴᠠ ᠶᠢ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠲᠤᠷᠠᠨ ︽ᠬᠢᠨᠠᠨ ᠰᠢᠯᠭᠠᠬᠤ ᠪᠠᠷᠢᠮᠵᠢᠶ᠎ᠠ︾ ᠶᠢ ᠲᠣᠭᠲᠠᠭᠠᠨ᠎ᠠ᠃ | ᠬᠢᠨᠠᠨ ᠲᠣᠭᠲᠠᠭᠠᠭᠰᠠᠨ ᠲᠦᠯᠦᠬᠦ ᠡᠲᠡᠭᠡᠳ ᠤᠨ ᠬᠥᠮᠥᠨ ᠤ ᠲᠤᠭ᠎ᠠ ᠶᠢᠨ ᠰᠠᠭᠤᠷᠢᠨ ᠳᠡᠭᠡᠷ᠎ᠡ ︽ᠬᠦᠴᠦᠨ ᠪᠦᠬᠦᠢ ᠭᠡᠷ᠎ᠡ ᠲᠣᠭᠲᠠᠬᠤ︾᠂ ︽ᠬᠦᠴᠦᠨ ᠪᠦᠬᠦᠢ | ᠦᠢᠯᠡᠴᠢᠯᠡᠭᠡ︾ ᠪᠠ ︽ᠬᠦᠴᠦᠨ ᠪᠦᠬᠦᠢ ᠰᠦᠢᠳᠬᠡᠯ ᠬᠢᠵᠠᠭᠠᠷᠯᠠᠬᠤ︾ ᠶᠢ ᠦᠨᠳᠦᠰᠦᠯᠡᠨ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠠᠰᠤ | ᠴᠢᠨᠠᠷ᠂ ᠲᠤᠭ᠎ᠠ ᠬᠡᠮᠵᠢᠶ᠎ᠡ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ᠂ ᠰᠠᠭᠤᠭᠠᠯᠢ ᠠᠷᠠᠳ ᠤᠨ ᠭᠡᠷ᠎ᠡ ᠲᠤᠭᠲᠠᠭᠰᠠᠨ ᠨᠣᠷᠮ᠎ᠠ᠂ | ᠭᠡᠷ᠎ᠡ ᠪᠠᠨ ᠪᠤᠴᠠᠭᠠᠬᠤ ᠨᠣᠷᠮ᠎ᠠ ᠪᠠ ᠦᠷᠭᠦᠯᠵᠢᠯᠡᠨ ᠭᠡᠷ᠎ᠡ ᠲᠤᠭᠲᠠᠭᠰᠠᠨ ᠨᠣᠷᠮ᠎ᠠ ᠵᠡᠷᠭᠡ ᠶᠢ ᠬᠢᠨᠠᠨ ᠰᠢᠯᠭᠠᠵᠤ᠂ ᠬᠡᠷᠪᠡ ︽ᠠᠵᠢᠯ ᠲᠥᠷᠥᠯ ᠤᠨ ᠰᠤᠷᠲᠠᠯ ᠤᠨ | ᠠᠰᠠᠭᠤᠳᠠᠯ︾᠂ ︽ᠮᠡᠬᠡᠯᠡᠨ ᠬᠢᠬᠠᠵᠤ ᠳᠠᠭᠠᠳᠬᠠᠯ ᠢ ᠮᠡᠬᠡᠯᠡᠭᠰᠡᠨ︾ ᠪᠠᠶᠢᠳᠠᠯ ᠣᠷᠤᠰᠢᠵᠤ ᠪᠠᠶᠢᠪᠠᠯ ᠨᠢᠭᠡ ᠪᠢᠯᠧᠲ ᠢᠶᠠᠷ ᠦᠭᠡᠶᠢᠰᠬᠡᠬᠦ ᠶᠢ ᠬᠡᠷᠡᠭᠵᠢᠭᠦᠯᠦᠨ᠎ᠡ᠃ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠲᠣᠰ | ᠪᠠᠶᠢᠭᠤᠯᠤᠮᠵᠢ ᠶᠢᠨ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠦᠯᠬᠦᠮ ᠤᠨ ᠭᠡᠷᠡᠲᠦ ᠦᠢᠯᠡᠴᠢᠯᠡᠭᠡ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ | ᠬᠠᠷᠢᠭᠤᠴᠠᠵᠤ᠂ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠪᠠ ᠡᠮᠴᠢᠯᠡᠭᠡᠨ ᠤ ᠳᠠᠭᠠᠳᠬᠠᠯ ᠤᠨ ᠰᠠᠯᠠᠭ᠎ᠠ | ᠮᠥᠴᠢᠷ ᠨᠢ ᠡᠳᠦᠷ ᠲᠤᠲᠤᠮ ᠤᠨ ᠬᠢᠨᠠᠨ ᠰᠢᠯᠭᠠᠯᠲᠠ ᠶᠢ ᠬᠠᠷᠢᠭᠤᠴᠠᠨ᠂ ᠬᠤᠲᠠ ᠶᠢᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ | ᠪᠠ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠨᠢ ᠣᠨ ᠢᠶᠠᠷ ᠬᠢᠨᠠᠨ ᠰᠢᠯᠭᠠᠨ᠎ᠠ᠃ ᠡᠬᠢᠯᠡᠯᠲᠡ ᠶᠢᠨ ᠱᠠᠲᠤᠨ ᠳᠤ᠂ ᠭᠦᠢᠴᠡᠳᠬᠡᠯ ᠲᠣᠭᠠᠨ ᠤ | ᠰᠢᠰᠲ᠋ᠧᠮᠵᠢ ᠨᠢ ︽ᠴᠥᠭᠡᠨ ᠪᠥᠭᠡᠳ ᠨᠠᠷᠢᠯᠢᠭ︾ ᠪᠠᠶᠢᠬᠤ ᠵᠠᠷᠴᠢᠮ ᠢ ᠵᠢᠷᠤᠮᠯᠠᠵᠤ᠂ ᠴᠥᠮ ᠮᠡᠳᠡᠭᠡ ᠵᠠᠩᠭᠢᠵᠢᠯᠲᠠ ᠪᠠᠷ ᠳᠠᠮᠵᠢᠨ ᠠᠦ᠋ᠲ᠋ᠣ᠋ ᠴᠤᠭᠯᠠᠭᠤᠯᠤᠨ | ᠦᠨᠡᠯᠡᠵᠦ᠂ ᠦᠢᠯᠡᠳᠦᠯᠭᠡ ᠪᠠᠷ ᠳᠡᠮᠵᠢᠨ ᠬᠢᠨᠠᠨ ᠰᠢᠯᠭᠠᠬᠤ ᠨᠠᠷᠢᠨ ᠳᠦᠷᠢᠮ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠢ᠃ ︵ᠬᠠᠷᠢᠭᠤᠴᠠᠯᠭᠠᠲᠤ | ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠤᠨ᠎ᠠ | ᠱᠠᠩᠨᠠᠵᠤ ᠲᠣᠷᠭᠠᠬᠤ ᠪᠠᠷᠢᠮᠵᠢᠶ᠎ᠠ ᠶᠢ ᠲᠣᠳᠣᠷᠬᠠᠶᠢᠯᠠᠵᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠳᠤ ᠣᠷᠣᠯᠴᠠᠭᠰᠠᠨ ᠪᠠᠶᠢᠳᠠᠯ ᠢ | ᠮᠡᠷᠭᠡᠵᠢᠯ ᠤᠨ ᠴᠣᠯᠠ ᠳᠡᠪᠰᠢᠭᠦᠯᠬᠦ᠂ ᠴᠢᠳᠠᠪᠤᠷᠢᠲᠠᠨ ᠢ ᠰᠢᠯᠢᠨ ᠰᠣᠩᠭᠤᠬᠤ ᠴᠢᠬᠤᠯᠠ ᠠᠭᠤᠯᠭ᠎ᠠ ᠳᠤ ᠣᠷᠤᠭᠤᠯᠤᠨ᠎ᠠ᠃ ᠠᠵᠢᠯ ᠤᠨ ᠠᠮᠵᠢᠯᠲᠠ | ᠪᠦᠲᠦᠮᠵᠢ ᠶᠢᠨ ᠬᠢᠨᠠᠨ ᠰᠢᠯᠭᠠᠯᠲᠠ ᠶᠢᠨ ᠦᠷ᠎ᠡ ᠳ᠋ᠦᠩ ᠢ ᠡᠮᠴᠢᠯᠡᠭᠡᠨ ᠤ ᠳᠠᠭᠠᠳᠬᠠᠯ ᠠᠴᠠ ᠲᠤᠭᠠᠴᠠᠭ᠎ᠠ ᠬᠢᠬᠦ᠂ ᠦᠨᠳᠦᠰᠦᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠢ ᠰᠠᠯᠭᠠᠨ ᠥᠭᠬᠦ ᠵᠢᠴᠢ ᠪᠦᠯᠬᠦᠮ ᠪᠠ ᠬᠤᠪᠢ ᠬᠥᠮᠥᠨ ᠤ ᠠᠵᠢᠯ ᠤᠨ ᠠᠮᠵᠢᠯᠲᠠ ᠪᠦᠲᠦᠮᠵᠢ ᠶᠢᠨ | ᠬᠤᠪᠢᠶᠠᠷᠢᠯᠠᠯᠲᠠ ᠯᠤᠭ᠎ᠠ ᠬᠤᠯᠪᠤᠭᠳᠠᠭᠤᠯᠤᠨ᠎ᠠ᠃ ᠦᠨᠡᠯᠡᠯᠲᠡ ᠶᠢᠨ ᠦᠷ᠎ᠡ ᠳ᠋ᠦᠩ ᠨᠢ ᠬᠢᠷᠢ ᠲᠡᠩᠴᠡᠭᠰᠡᠨ ᠦᠭᠡᠢ᠂ ᠣᠯᠠᠨ ᠲᠦᠮᠡᠨ ᠰᠠᠨᠠᠯ ᠲᠠᠢ ᠪᠠᠶᠢᠬᠤ ᠨᠢ | ᠲᠣᠪᠣᠶᠢᠮ᠎ᠠ ᠭᠡᠷ᠎ᠡ ᠲᠣᠭᠲᠠᠭᠰᠠᠨ ᠪᠦᠯᠬᠦᠮ ︵ᠡᠮᠴᠢ︶ ᠳᠤ ᠵᠣᠬᠢᠬᠤ ᠵᠠᠯᠬᠠᠭᠠᠨ ᠰᠢᠳᠬᠡᠬᠦ ᠲᠣᠭᠲᠠᠴᠠ ᠶᠢ ᠡᠬᠢᠯᠡᠭᠦᠯᠦᠨ᠎ᠡ᠃ ᠣᠨ ᠤ ᠬᠢᠨᠠᠨ ᠰᠢᠯᠭᠠᠯᠲᠠ ᠳᠤ | ᠬᠢᠷᠢ ᠲᠡᠩᠴᠡᠭᠰᠡᠨ ᠦᠭᠡᠢ ᠭᠡᠷ᠎ᠡ ᠲᠣᠭᠲᠠᠭᠰᠠᠨ ᠪᠦᠯᠬᠦᠮ ︵ᠡᠮᠴᠢ︶ ᠢ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠠᠴᠠ ᠭᠠᠷᠭᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | ︵ᠭᠤᠷᠪᠠ︶ ᠬᠢᠨᠠᠯᠲᠠ ᠲᠠᠯᠪᠢᠬᠤ ᠬᠢᠭᠡᠳ ᠦᠨᠡᠯᠡᠨ ᠵᠢᠱᠢᠬᠦ ᠶᠢ ᠴᠢᠩᠭᠠᠳᠬᠠᠨ᠎ᠠ | ᠲᠤᠭᠲᠠᠭᠰᠠᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠶᠠᠰᠤ ᠴᠢᠨᠠᠷ ᠢ ᠬᠢᠨᠠᠨ ᠰᠢᠯᠭᠠᠬᠤ ᠪᠠ ᠬᠢᠨᠠᠯᠲᠠ ᠲᠠᠯᠪᠢᠬᠤ ᠡᠷᠴᠢᠮ ᠢᠶᠠᠨ | ᠴᠢᠩᠭᠠᠷᠠᠭᠤᠯᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠭᠡᠷ ᠪᠦᠯᠢ ᠶᠢᠨ ᠡᠮᠴᠢ ᠶᠢᠨ ᠦᠢᠯᠡᠴᠢᠯᠡᠭᠡᠨ ᠤ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠡᠷᠬᠡ ᠲᠡᠭᠰᠢ ᠲᠥᠪ ᠭᠤᠥᠯᠴᠢ ᠪᠠᠶᠢᠬᠤ ᠶᠢ ᠦᠨᠡᠨᠬᠦ ᠪᠠᠲᠤᠯᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠭᠡᠷ ᠪᠦᠯᠢ ᠶᠢᠨ ᠡᠮᠴᠢ ᠶᠢᠨ | ᠭᠡᠷᠡᠲᠦ ᠦᠢᠯᠡᠴᠢᠯᠡᠭᠡᠨ ᠤ ᠠᠬᠢᠴᠠ ᠶᠢᠨ ᠪᠠᠶᠢᠳᠠᠯ ᠳᠤ ᠣᠨ ᠤ ᠦᠨᠡᠯᠡᠨ ᠵᠢᠱᠢᠯᠲᠡ ᠬᠢᠬᠦ ᠶᠢᠨ ᠬᠠᠮᠲᠤ ᠦᠷ᠎ᠡ ᠳ᠋ᠦᠩ ᠢ ᠵᠠᠷᠯᠠᠨ ᠮᠡᠳᠡᠭᠳᠡᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ᠠᠷᠪᠠ᠂ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭᠠᠷᠠᠭᠤᠯᠵᠤ᠂ ᠲᠣᠰ ᠭᠠᠵᠠᠷ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ ᠠᠵᠢᠯ ᠤᠨ ᠬᠠᠷᠠᠯᠲᠠ ᠪᠠ | ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠎ᠠ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠵᠤ᠂ ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠰᠠᠯᠠᠭ᠎ᠠ ᠮᠥᠴᠢᠷ | ᠬᠠᠮᠵᠢᠯᠴᠠᠭᠰᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠᠷ ᠲᠠᠪᠴᠠᠩ ᠪᠣᠯᠭᠠᠭᠰᠠᠨ᠂ ᠣᠯᠠᠨ ᠲᠥᠷᠥᠯ ᠤᠨ | ᠨᠡᠶᠢᠭᠡᠮ ᠤᠨ ᠡᠬᠢ ᠪᠠᠶᠠᠯᠢᠭ ᠣᠷᠣᠯᠴᠠᠭᠰᠠᠨ ᠠᠵᠢᠯ ᠤᠨ ᠲᠣᠭᠲᠠᠴᠠ ᠶᠢ ᠪᠣᠶ ᠪᠣᠯᠭᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠭᠡᠷᠡᠲᠦ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠨ᠂ ᠭᠡᠷᠡᠲᠦ ᠦᠢᠯᠡᠴᠢᠯᠡᠭᠡ ᠶᠢᠨ | ᠶᠠᠰᠤ ᠴᠢᠨᠠᠷ ᠪᠠ ᠬᠠᠨᠤᠮᠵᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ︶ | ︵ᠬᠤᠶᠠᠷ︶ ᠨᠡᠶᠢᠭᠡᠮ ᠳᠡᠭᠡᠷ᠎ᠡ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ | ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠭᠡᠷᠡᠲᠦ ᠦᠢᠯᠡᠴᠢᠯᠡᠭᠡ ᠶᠢ ᠮᠡᠳᠡᠬᠦ ᠨᠣᠷᠮ᠎ᠠ ᠶᠢ | ᠥᠷᠭᠡᠳᠬᠡᠨ᠂ ᠨᠠᠩ ᠣᠯᠠᠨ ᠰᠠᠭᠤᠭᠠᠯᠢ ᠠᠷᠠᠳ ᠤᠨ ᠭᠡᠷᠡᠲᠦ ᠦᠢᠯᠡᠴᠢᠯᠡᠭᠡ ᠶᠢ ᠠᠰᠢᠭᠯᠠᠬᠤ ᠶᠢ ᠬᠥᠲᠥᠯᠥᠨ ᠵᠢᠯᠣᠭᠤᠳᠤᠨ᠎ᠠ᠃ ᠭᠡᠷᠡᠲᠦ ᠦᠢᠯᠡᠴᠢᠯᠡᠭᠡᠨ ᠤ | ᠠᠭᠤᠯᠭ᠎ᠠ ᠶᠢᠨ ᠤᠬᠠᠭᠤᠯᠭ᠎ᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠵᠢᠱᠢᠯᠲᠡ ᠶᠢ ᠵᠦᠢ ᠵᠣᠬᠢᠰᠲᠠᠢ ᠬᠦᠲᠦᠯᠦᠨ ᠳᠠᠭᠠᠭᠤᠯᠤᠨ᠎ᠠ᠃ | ᠬᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠠᠬᠢᠭᠤᠯᠤᠭᠰᠠᠨ ᠨᠡᠶᠢᠲᠡᠯᠢᠭ ᠵᠢᠱᠢᠶ᠎ᠡ ᠶᠢ ᠢᠯᠡᠷᠡᠭᠦᠯᠵᠦ | ᠂ ᠴᠡᠭ ᠢᠶᠠᠷ ᠨᠡᠶᠢᠳᠡᠮ ᠢ ᠳᠠᠶᠢᠴᠢᠯᠠᠨ᠂ ᠵᠥᠪ ᠲᠠᠯ᠎ᠠ ᠶᠢᠨ ᠵᠢᠱᠢᠶ᠎ᠡ ᠦᠵᠡᠭᠦᠯᠦᠨ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠵᠢᠯ ᠪᠦᠷᠢ ᠨᠢᠭᠡ | ᠤᠳᠠᠭ᠎ᠠ ︽ᠬᠠᠮᠤᠭ ᠤᠨ ᠭᠤᠶᠣ ᠭᠡᠷ ᠪᠦᠯᠢ ᠶᠢᠨ ᠡᠮᠴᠢ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠭᠡᠷ ᠪᠦᠯᠢ ᠶᠢᠨ ᠡᠮᠴᠢ ᠶᠢᠨ ᠭᠡᠷᠡᠲᠦ | ᠦᠢᠯᠡᠴᠢᠯᠡᠭᠡ ᠶᠢ ᠪᠥᠬᠦ ᠨᠡᠶᠢᠭᠡᠮ ᠢᠶᠠᠷ ᠢᠶᠠᠨ ᠢᠲᠡᠭᠡᠬᠦ᠂ ᠳᠡᠮᠵᠢᠬᠦ᠂ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ︶ | | | |