ᠬᠥᠬᠡᠬᠤᠲᠠ ᠵᠠᠰᠠᠭ ᠲᠠᠷᠬᠠᠭᠠᠭᠰᠠᠨ ﹇2023﹈ 24 ᠳ᠋ᠦ᠋ᠭᠡᠷ ᠲᠣᠭᠠᠲᠤ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ | ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2023 ᠣᠨ ᠤ 8 ᠳ᠋ᠤᠭᠠᠷ ᠰᠠᠷ᠎ᠠ ᠶᠢᠨ 24 ᠤ ᠡᠳᠦᠷ | | | ᠬᠥᠬᠡᠬᠤᠲᠠ ᠶᠢᠨ ᠬᠥᠮᠥᠨ ᠢ ᠲᠠᠲᠠᠵᠤ ᠬᠥᠮᠥᠨ ᠢ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ | | ᠬᠥᠮᠥᠨ ᠠᠮᠠ ᠶᠢᠨ ᠣᠷᠣᠵᠤ ᠢᠷᠡᠬᠦ ᠶᠢ ᠠᠬᠢᠭᠤᠯᠵᠤ᠂ ᠬᠥᠮᠥᠨ ᠠᠮᠠ ᠶᠢᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠦᠨ᠂ ᠬᠥᠮᠥᠨ ᠠᠮᠠ ᠶᠢᠨ ᠣᠷᠳᠣ | ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ 2025 ᠣᠨ ᠤ ᠡᠴᠦᠰ ᠪᠣᠯᠬᠤ ᠳᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ | ᠠᠮᠠ 375 ᠲᠦᠮᠡ ᠶᠢ ᠳᠠᠪᠠᠵᠤ᠂ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠶᠢ ᠳᠠᠪᠠᠭ᠋ᠤ ᠬᠠᠷᠠᠯᠲᠠ ᠶᠢ | ᠪᠡᠶᠡᠯᠡᠭᠦᠯᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 10 ᠵᠤᠷᠪᠤᠰ | ︾ ᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠴᠢᠨᠠᠷᠲᠠᠢ ᠠᠵᠢᠯ ᠣᠯᠬᠤ ᠠᠵᠢᠯ ᠤᠨ ᠪᠠᠶᠢᠷᠢ ᠶᠢ ᠡᠭᠦᠳᠦᠨ᠎ᠡ | ︵ᠨᠢᠭᠡ︶ ᠦᠢᠯᠡᠳᠬᠦ ᠦᠢᠯᠡᠰ ᠢ ᠬᠥᠭᠵᠢᠭᠦᠯᠵᠦ ᠠᠵᠢᠯ ᠤᠨ ᠪᠠᠶᠢᠷᠢ ᠶᠢ ᠥᠷᠭᠡᠳᠬᠡᠨ᠎ᠡ᠃ ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ | ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠭᠤᠷᠪᠠᠨ ᠵᠢᠯ ᠤᠨ ᠳᠣᠲᠣᠷ᠎ᠠ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠥᠷᠥᠯ | ᠵᠦᠢᠯ ᠢ 200 ᠶᠢ ᠲᠡᠳᠡᠨ ᠠᠪᠴᠢᠷᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 180 ᠶᠢ ᠰᠢᠨ᠎ᠡ ᠪᠠᠷ | ᠨᠡᠮᠡᠭᠳᠡᠭᠦᠯᠦᠨ᠂ 50 ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ ᠪᠠᠶᠢᠭᠤᠯᠤᠨ᠎ᠠ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ | ᠬᠡᠯᠬᠢᠶᠡᠨ ᠤ ᠭᠤᠣᠯᠯᠠᠬᠤ ᠠᠵᠤ ᠠᠬᠤᠶᠢᠯᠠᠯ ᠤᠨ ᠴᠢᠳᠠᠪᠤᠷᠢ ᠪᠠᠨ ᠳᠡᠭᠡᠭᠰᠢᠯᠡᠭᠦᠯᠦᠨ ᠠᠵᠢᠯ ᠤᠨ ᠪᠠᠶᠢᠷᠢ ᠪᠠᠨ ᠥᠷᠭᠡᠳᠬᠡᠬᠦ ᠶᠢ ᠵᠣᠷᠢᠭᠵᠢᠭᠤᠯᠵᠤ᠂ 4.5 | ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠳᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠣᠷᠣᠨ ᠪᠦᠰᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠬᠤᠶᠠᠷ︶ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠥᠷᠭᠡᠳᠬᠡᠨ᠎ᠡ᠃ ᠰᠢᠨ᠎ᠡ ᠪᠠᠷ ᠬᠢᠨᠠᠨ | ᠲᠣᠭᠲᠠᠭᠠᠭᠰᠠᠨ ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠥᠨ︾ ᠠᠵᠤ ᠠᠬᠤᠶᠢᠯᠠᠯ᠂ ᠥᠪᠡᠷᠲᠡᠭᠡᠨ ᠵᠠᠰᠠᠬᠤ | ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ | ᠠᠵᠤ ᠠᠬᠤᠶᠢᠯᠠᠯ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠱᠠᠩᠨᠠᠯ ᠣᠯᠭᠤᠨ᠎ᠠ᠃ ᠭᠤᠷᠪᠠᠨ ᠵᠢᠯ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠲᠡᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ 50 ᠠᠴᠠ | ᠳᠡᠭᠡᠭᠰᠢ ᠬᠦᠷᠭᠡᠵᠦ᠂ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠪᠣᠯᠣᠨ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ | ᠠᠬᠤᠶᠢᠯᠠᠯ ᠢ 120 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ 1ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ ᠲᠠᠶᠢᠴᠢᠯᠠᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠪᠠ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠵᠦ ᠠᠵᠢᠯ ᠤᠨ ᠪᠠᠶᠢᠷᠢ ᠶᠢ | ᠥᠷᠭᠡᠳᠬᠡᠨ᠎ᠡ᠃ ᠵᠢᠯ ᠪᠦᠷᠢ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ 100 ᠠᠴᠠ ᠳᠡᠭᠡᠭᠰᠢ ᠪᠠᠶᠢᠭᠤᠯᠵᠤ᠂ ᠲᠠᠪᠴᠠᠩ ᠤᠨ ᠠᠵᠤ | ᠠᠬᠤᠢ ᠶᠢᠨ ᠬᠥᠭᠵᠢᠯᠲᠡ ᠶᠢ ᠳᠡᠮᠵᠢᠵᠦ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠲᠦᠷᠭᠡᠨ ᠬᠦᠷᠭᠡᠯᠲᠡ | ᠪᠠᠷᠠᠭᠠᠨ ᠤ ᠭᠦᠢᠯᠭᠡᠭᠡ᠂ ᠰᠦᠯᠵᠢᠶ᠎ᠡ ᠪᠠᠷ ᠪᠣᠯᠵᠣᠬᠤ ᠲᠡᠷᠭᠡ᠂ ᠵᠠᠬᠢᠶᠠᠯᠠᠭ᠎ᠠ ᠶᠢᠨ ᠬᠤᠭᠤᠯᠠ ᠬᠦᠷᠭᠡᠬᠦ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠠᠵᠢᠯ | ᠣᠯᠭᠤᠯᠲᠠ ᠶᠢᠨ ᠣᠷᠣᠨ ᠵᠠᠢ ᠶᠢ ᠥᠷᠭᠡᠳᠬᠡᠨ᠎ᠡ᠃ ᠭᠤᠷᠪᠠᠨ ᠵᠢᠯ ᠤᠨ ᠳᠣᠲᠣᠷ᠎ᠠ 10 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ | ᠲᠠᠶᠢᠴᠢᠯᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠳᠥᠷᠪᠡ︶ ᠨᠢᠭᠡ ᠤᠳᠠᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠦᠷᠢ ᠣᠯᠭᠤᠨ᠎ᠠ᠃ ᠰᠢᠨ᠎ᠡ ᠲᠡᠭᠦᠰᠦᠭᠰᠡᠨ ᠪᠠ ᠰᠤᠷᠭᠠᠭᠤᠯᠢ | ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠣᠭᠠᠳᠤᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠠᠯᠳᠠᠭᠰᠠᠨ ᠢᠶᠠᠷ | ᠪᠦᠷᠢᠳᠬᠡᠭᠦᠯᠦᠭᠰᠡᠨ 16 ︱ 24 ᠨᠠᠰᠤᠨ ᠤ ᠵᠠᠯᠠᠭᠤᠴᠤᠳ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠲᠡᠭᠦᠨ ᠳᠤ ᠨᠡᠶᠢᠭᠡᠮ ᠤᠨ ᠳᠠᠭᠠᠳᠬᠠᠯ ᠤᠨ | ᠰᠦᠢᠳᠬᠡᠯ ᠢ 1 ᠰᠠᠷ᠎ᠠ ᠠᠴᠠ ᠳᠡᠭᠡᠭᠰᠢ ᠲᠤᠰᠢᠶᠠᠭᠰᠠᠨ ᠠᠵᠤ ᠠᠬᠤᠶᠢᠯᠠᠯ ᠳᠤ ᠬᠥᠮᠥᠨ ᠪᠦᠷᠢ ᠶᠢᠨ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ | ᠠᠵᠢᠯ ᠤᠨ ᠪᠠᠶᠢᠷᠢ ᠥᠷᠭᠡᠳᠬᠡᠭᠰᠡᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶ | ︵ᠲᠠᠪᠤ︶ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠎ᠠ᠃ ︽ᠠᠵᠢᠯ ᠣᠯᠵᠤ ᠦᠢᠯᠡᠰ ᠴᠤᠭᠴᠠᠯᠠᠬᠤ ᠳᠤ ᠲᠤᠬᠢᠷᠠᠮᠵᠢᠲᠠᠢ ᠲᠥᠪ ᠬᠤᠲᠠ︾ | ᠤᠶᠤᠨᠲᠤ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠢ ᠪᠦᠲᠦᠭᠡᠨ ᠪᠠᠶᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ | ᠤᠶᠠᠯᠳᠤᠭᠤᠯᠤᠭᠰᠠᠨ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠨ᠎ᠠ᠃ ︽ᠵᠠᠯᠠᠭᠤᠴᠤᠳ ᠢ ᠬᠤᠳᠠ ᠳᠤ ᠪᠤᠴᠠᠭᠠᠬᠤ︾ | ᠠᠵᠢᠯᠯᠠᠭ᠎ᠠ ᠶᠢ ᠬᠡᠷᠡᠭᠵᠢᠭᠦᠯᠵᠦ᠂ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠳᠠᠳᠤᠯᠭ᠎ᠠ ᠶᠢᠨ ᠰᠠᠭᠤᠷᠢᠨ ᠢ 80 ᠶᠢ ᠰᠢᠨ᠎ᠡ ᠪᠠᠷ ᠪᠠᠶᠢᠭᠤᠯᠵᠤ᠂ ᠵᠢᠯ | ᠪᠦᠷᠢ 1000 ᠠᠴᠠ ᠳᠡᠭᠡᠭᠰᠢ ᠰᠢᠯᠢᠳᠡᠭ ᠳᠠᠳᠤᠯᠭ᠎ᠠ ᠶᠢᠨ ᠠᠵᠢᠯ ᠤᠨ ᠪᠠᠶᠢᠷᠢ ᠶᠢ ᠡᠯᠰᠡᠵᠦ᠂ 3000 ᠠᠴᠠ ᠳᠡᠭᠡᠭᠰᠢ ᠶᠡᠭᠡᠲ᠋ᠡᠭᠡᠳᠦ ᠰᠤᠷᠭᠠᠭᠤᠯᠢ ᠠᠴᠠ | ᠲᠡᠭᠦᠰᠦᠭᠰᠡᠨ ᠤᠶᠤᠳᠠᠳ ᠢ ᠲᠠᠲᠠᠵᠤ ᠬᠦᠬᠡᠬᠤᠲᠠ ᠳᠤ ᠢᠷᠡᠭᠦᠯᠵᠦ ᠳᠠᠳᠤᠯᠭ᠎ᠠ ᠳᠤ ᠣᠷᠣᠯᠴᠠᠭᠤᠯᠤᠨ᠎ᠠ᠃ ᠵᠢᠯ ᠪᠦᠷᠢ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ 100 ᠲᠠᠯᠠᠪᠠᠢ ᠠᠴᠠ ᠳᠡᠭᠡᠭᠰᠢ ᠥᠷᠨᠢᠭᠦᠯᠵᠦ᠂ 10 ᠲᠦᠮᠡ ᠠᠴᠠ ᠳᠣᠣᠷ᠎ᠠ ᠦᠭᠡᠢ | ᠠᠵᠢᠯ ᠤᠨ ᠪᠠᠶᠢᠷᠢ ᠬᠠᠩᠭᠠᠵᠤ᠂ 3 ᠲᠦᠮᠡ ᠠᠴᠠ ᠳᠡᠭᠡᠭᠰᠢ ᠬᠥᠮᠥᠨ ᠳᠤ ᠠᠵᠢᠯ ᠣᠯᠭᠤᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶ | ︵ᠵᠢᠷᠭᠤᠭ᠎ᠠ︶ ᠦᠢᠯᠡᠰ ᠴᠣᠭᠴᠠᠯᠠᠬᠤ ᠶᠢ ᠲᠡᠳᠬᠦᠵᠦ ᠳᠡᠮᠵᠢᠬᠦ ᠶᠢ ᠴᠢᠩᠭᠠᠳᠬᠠᠨ᠎ᠠ᠃ ᠦᠢᠯᠡᠰ ᠴᠣᠭᠴᠠᠯᠠᠬᠤ ᠬᠦᠷᠢᠶᠡᠯᠡᠩ ᠤᠨ ᠨᠡᠪᠴᠢᠭᠦᠯᠬᠦ | ᠰᠠᠭᠤᠷᠢᠨ ᠭᠠᠵᠠᠷ ᠢ 10᠂ ᠵᠠᠯᠠᠭᠤᠴᠤᠳ ᠤᠨ ᠦᠢᠯᠡᠰ ᠴᠣᠭᠴᠠᠯᠠᠬᠤ ᠨᠡᠪᠴᠢᠭᠦᠯᠬᠦ ᠪᠠᠭᠠᠵᠢ ᠶᠢ 50 ᠶᠢ ᠰᠢᠨ᠎ᠡ ᠪᠠᠷ ᠪᠠᠶᠢᠭᠤᠯᠤᠨ᠎ᠠ᠃ ᠵᠠᠯᠠᠭᠤ ᠣᠶᠤᠲᠠᠳ | ᠲᠣᠰ ᠬᠤᠲᠠ ᠳᠤ ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠡᠷᠭᠢᠯᠡᠪᠡᠯ᠂ ᠬᠠᠮᠤᠭ ᠤᠨ | ᠥᠨᠳᠥᠷ ᠲᠡᠭᠡᠨ 5000 ᠲᠥᠭᠦᠷᠢᠭ ᠤᠨ ᠲᠠᠯᠠᠪᠤᠷ ᠤᠨ ᠲᠦᠷᠢᠶᠡᠰᠦᠨ ᠤ ᠨᠥᠬᠦᠪᠦᠷᠢ ᠭᠤᠶᠤᠴᠢᠯᠠᠵᠤ ᠪᠣᠯᠣᠨ᠎ᠠ᠂ ᠡᠷᠭᠢᠯᠡᠭᠰᠡᠨ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠶᠢᠨ ᠬᠡᠲᠦ ᠶᠢᠨ ᠲᠥᠯᠥᠪ ᠰᠠᠶᠢᠨ᠂ ᠳᠠᠶᠢᠴᠢᠯᠠᠵᠤ ᠠᠵᠢᠯ ᠣᠯᠭᠤᠬᠤ ᠬᠥᠮᠥᠨ ᠤ ᠲᠤᠭ᠎ᠠ ᠪᠠᠷ ᠨᠡᠯᠢᠶᠡᠳ ᠣᠯᠠᠨ ᠪᠠᠶᠢᠪᠠᠯ᠂ ᠬᠢᠨᠠᠨ | ᠲᠣᠭᠲᠠᠭᠠᠭᠰᠠᠨ ᠤ ᠳᠠᠷᠠᠭ᠎ᠠ ᠬᠠᠮᠤᠭ ᠤᠨ ᠥᠨᠳᠥᠷ ᠲᠡᠭᠡᠨ 600 ᠲᠦᠮᠡᠨ ᠲᠥᠭᠦᠷᠢᠭ ᠤᠨ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠭᠤᠶᠤᠴᠢᠯᠠᠵᠤ | ᠪᠣᠯᠣᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶ | ᠬᠤᠶᠠᠷ᠂ ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ | ︵ᠳᠣᠯᠤᠭ᠎ᠠ︶ ᠣᠷᠣᠨ ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ᠃ ᠭᠤᠷᠪᠠᠨ ᠵᠢᠯ ᠤᠨ ᠳᠣᠲᠣᠷ᠎ᠠ ᠲᠥᠪᠯᠡᠷᠡᠭᠦᠯᠦᠨ | ᠰᠢᠨ᠎ᠡ ᠪᠠᠷ ᠪᠠᠶᠢᠭᠤᠯᠬᠤ᠂ ᠠᠵᠤ ᠠᠬᠤᠶᠢᠯᠠᠯ ᠠᠴᠠ ᠲᠣᠬᠢᠷᠠᠭᠤᠯᠤᠨ ᠪᠠᠶᠢᠭᠤᠯᠬᠤ ᠪᠠ ᠵᠠᠬ᠎ᠠ ᠳᠡᠯᠭᠡᠭᠦᠷ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ 4000 ᠨᠡᠶᠢᠲᠡ ᠶᠢᠨ ᠲᠦᠷᠢᠶᠡᠰᠦᠨ ᠭᠡᠷ᠂ 1.3 ᠲᠦᠮᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠴᠤᠭᠯᠠᠭᠤᠯᠤᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠨᠠᠢᠮᠠ︶ ᠨᠡᠶᠢᠲᠡ ᠶᠢᠨ ᠲᠦᠷᠢᠶᠡᠰᠦᠨ ᠭᠡᠷ ᠭᠤᠶᠤᠴᠢᠯᠠᠬᠤ ᠨᠥᠬᠦᠴᠡᠯ ᠳᠤ ᠨᠡᠶᠢᠴᠡᠵᠦ᠂ ᠪᠣᠳᠠᠲᠠᠢ ᠲᠦᠷᠢᠶᠡᠰᠦᠯᠡᠵᠦ ᠣᠯᠣᠭᠰᠠᠨ ᠦᠭᠡᠢ ᠬᠥᠮᠥᠰ | ᠵᠢᠯ ᠪᠦᠷᠢ 2880 ᠲᠥᠭᠦᠷᠢᠭ ᠤᠨ ᠣᠷᠳᠣ ᠬᠤᠭᠤᠴᠠᠭᠠᠨ ᠤ ᠲᠦᠷᠢᠶᠡᠰᠦᠨ ᠨᠥᠬᠦᠪᠦᠷᠢ ᠭᠤᠶᠤᠴᠢᠯᠠᠨ ᠠᠪᠴᠤ ᠪᠣᠯᠣᠨ᠎ᠠ᠃ ᠮᠠᠨ ᠤ ᠬᠤᠲᠠ ᠳᠤ ᠭᠡᠷ | ᠪᠠᠶᠢᠰᠢᠩ ᠦᠭᠡᠢ ᠵᠠᠯᠠᠭᠤᠴᠤᠳ ᠂ ᠰᠢᠨ᠎ᠡ ᠬᠤᠲᠠ ᠶᠢᠨ ᠠᠷᠠᠳ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠬᠦ ᠪᠠᠷ | ᠭᠤᠶᠤᠴᠢᠯᠠᠬᠤ ᠳᠤ᠂ ᠲᠦᠷᠢᠶᠡᠰᠦᠨ ᠮᠥᠩᠭᠦ ᠨᠢ ᠵᠠᠬ᠎ᠠ ᠳᠡᠯᠭᠡᠭᠦᠷ ᠤᠨ ᠦᠨ᠎ᠡ ᠶᠢᠨ 70% ᠠᠴᠠ ᠬᠡᠲᠦᠷᠡᠬᠦ ᠦᠭᠡᠢ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠶᠢᠰᠦ︶ ᠮᠠᠨ ᠤ ᠬᠤᠲᠠ ᠳᠤ ᠠᠩᠬ᠎ᠠ ᠤᠳᠠᠭ᠎ᠠ ᠰᠢᠨ᠎ᠡ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢ ᠬᠤᠳᠠᠯᠳᠤᠨ ᠠᠪᠤᠪᠠᠯ᠂ ᠭᠡᠷ᠎ᠡ ᠶᠢᠨ | ᠭᠠᠶᠢᠯᠢ ᠶᠢᠨ ᠪᠥᠬᠦ ᠲᠣᠭᠠᠨ ᠤ ᠨᠥᠬᠦᠪᠦᠷᠢ ᠶᠢ ᠭᠥᠷᠳᠡᠵᠦ ᠪᠣᠯᠣᠨ᠎ᠠ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠵᠢᠭᠡᠯᠡᠯᠭᠡ ᠶᠢᠨ ᠵᠢᠭᠡᠯᠡᠵᠦ ᠪᠣᠯᠬᠤ ᠲᠤᠭ᠎ᠠ ᠶᠢ ᠬᠤᠪᠢ ᠬᠥᠮᠥᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠩᠰᠠᠨ ᠡᠷᠦᠬᠡ ᠶᠢᠨ ᠦᠯᠡᠳᠡᠪᠦᠷᠢ | ᠲᠤᠭ᠎ᠠ ᠶᠢᠨ 20 ᠳᠠᠬᠢᠨ ᠪᠠᠶᠢᠭᠰᠠᠨ ᠢ 25 ᠳᠠᠬᠢᠨ ᠪᠣᠯᠭᠠᠨ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ︶ | ︵ᠠᠷᠪᠠ︶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠬᠦᠷᠢᠶ᠎ᠡ | ᠬᠡᠪᠴᠢᠶ᠎ᠡ ᠶᠢ ᠥᠷᠭᠡᠳᠬᠡᠵᠦ᠂ ᠨᠥᠬᠦᠴᠡᠯ ᠳᠤ ᠨᠡᠶᠢᠴᠡᠬᠦ ᠲᠤᠰᠬᠠᠢ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠤᠨ ᠰᠤᠷᠭᠠᠭᠤᠯᠢ | ᠲᠡᠭᠦᠰᠦᠭᠰᠡᠳ ᠢ ᠨᠥᠬᠦᠪᠦᠷᠢ ᠣᠯᠭᠤᠬᠤ ᠡᠲᠡᠭᠡᠳ ᠲᠤ ᠣᠷᠣᠭᠤᠯᠤᠨ᠎ᠠ᠃ ᠭᠡᠷ ᠪᠠᠶᠢᠰᠢᠩ ᠲᠦᠷᠢᠶᠡᠰᠦᠯᠡᠬᠦ ᠳᠤ ᠰᠠᠷ᠎ᠠ ᠪᠦᠷᠢ 300 ᠲᠥᠭᠦᠷᠢᠭ ᠤᠨ | ᠨᠥᠬᠦᠪᠦᠷᠢ ᠣᠯᠭᠤᠵᠤ᠂ ᠬᠠᠮᠤᠭ ᠣᠷᠳᠣ ᠳᠠᠭᠠᠨ 2 ᠵᠢᠯ ᠨᠥᠬᠦᠪᠦᠷᠢ ᠣᠯᠭᠤᠵᠤ᠂ ᠭᠡᠷ ᠪᠠᠶᠢᠰᠢᠩ ᠬᠤᠳᠠᠯᠳᠤᠨ ᠠᠪᠬᠤ ᠳᠤ ᠨᠢᠭᠡ ᠤᠳᠠᠭ᠎ᠠ ᠶᠢᠨ ᠴᠢᠨᠠᠷᠲᠠᠢ | 2 ᠲᠦᠮᠡᠨ ᠲᠥᠭᠦᠷᠢᠭ ᠤᠨ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠠᠷᠪᠠᠨ ᠨᠢᠭᠡ︶ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ | ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ ᠥᠮᠴᠢᠯᠡᠬᠦ ᠡᠷᠬᠡ ᠨᠢ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ | ᠵᠥᠪᠯᠡᠯ ᠳᠤ ᠬᠠᠷᠢᠶᠠᠯᠠᠭᠳᠠᠬᠤ ᠲᠥᠷᠥᠯ ᠵᠦᠢᠯ ᠳᠤ ᠪᠡᠯᠡ ᠣᠷᠣᠭᠤᠯᠤᠯᠲᠠ ᠶᠢᠨ ᠲᠣᠭᠠᠨ ᠤ 15% ᠪᠠᠷ ᠨᠥᠬᠦᠪᠦᠷᠢ ᠥᠭᠴᠦ᠂ ᠬᠠᠮᠤᠭ ᠥᠨᠳᠥᠷ ᠲᠡᠭᠡᠨ | 2000 ᠲᠦᠮᠡᠨ ᠲᠥᠭᠦᠷᠢᠭ ᠤᠨ ᠨᠥᠬᠦᠪᠦᠷᠢ ᠥᠭᠭᠦᠨ᠎ᠡ᠃ ︵ᠬᠠᠷᠢᠭᠤᠴᠠᠬᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ︶ | ᠭᠤᠷᠪᠠ᠂ ᠰᠤᠷᠭᠠᠨ ᠬᠥᠮᠦᠵᠢᠯ ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠦᠨ᠎ᠡ | ︵ᠠᠷᠪᠠᠨ ᠬᠤᠶᠠᠷ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠨᠥᠬᠦᠴᠡᠯ ᠳᠤᠷᠠᠳᠬᠤ ᠦᠭᠡᠢ︾ ᠪᠠᠷ ᠰᠤᠷᠤᠭᠴᠢ ᠡᠯᠰᠡᠬᠦ ᠶᠢ ᠬᠡᠷᠡᠭᠵᠢᠭᠦᠯᠵᠦ᠂ | ᠭᠤᠷᠪᠠᠨ ᠵᠢᠯ ᠤᠨ ᠳᠣᠲᠣᠷ᠎ᠠ 56 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ | ᠪᠠᠥᠭᠡᠷᠡᠴᠢᠯᠡᠵᠦ ᠥᠷᠭᠡᠳᠬᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ | 90% ᠬᠦᠷᠭᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠣᠷᠣᠨ ᠲᠤᠭ᠎ᠠ ᠶᠢ 5.3 ᠲᠦᠮᠡ ᠰᠢᠨ᠎ᠡ ᠪᠠᠷ ᠨᠡᠮᠡᠭᠳᠡᠭᠦᠯᠵᠦ᠂ ᠠᠯᠪᠠᠨ ᠠᠴᠠ | ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ ᠶᠢᠨ ᠣᠷᠣᠨ ᠲᠤᠭ᠎ᠠ ᠶᠢ 2.88 ᠲᠦᠮᠡ ᠬᠠᠩᠭᠠᠵᠤ᠂ | ᠬᠥᠬᠡᠬᠤᠲᠠ ᠳᠤ ᠢᠷᠡᠭᠰᠡᠨ ᠬᠥᠮᠥᠰ ᠤᠨ ᠦᠷ᠎ᠡ ᠬᠡᠦᠬᠡᠳ ᠤᠨ ︽ᠣᠷᠣᠬᠤ ᠰᠤᠷᠭᠠᠭᠤᠯᠢ ᠲᠠᠢ᠂ ᠰᠠᠶᠢᠨ ᠰᠤᠷᠭᠠᠭᠤᠯᠢ ᠳᠤ ᠣᠷᠣᠬᠤ ︾ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶ | ︵ᠠᠷᠪᠠᠨ ᠭᠤᠷᠪᠠ︶ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠬᠦ ᠶᠢ ᠠᠬᠢᠭᠤᠯᠤᠨ᠂ ᠴᠢᠨᠠᠷ ᠰᠠᠶᠢᠲᠠᠢ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠯᠦᠭᠯᠡᠯ ᠮᠠᠶ᠋ᠢᠭ ᠤᠨ ᠰᠤᠷᠭᠠᠭᠤᠯᠢ | ᠡᠷᠭᠢᠯᠡᠬᠦ ᠡᠴᠠᠠᠰᠢᠭ ᠬᠦᠷᠲᠡᠬᠦ ᠰᠣᠷᠣᠭᠴᠢ ᠶᠢᠨ ᠲᠤᠭ᠎ᠠ ᠶᠢ 70% ᠬᠦᠷᠭᠡᠨ᠎ᠡ᠃ ᠭᠤᠷᠪᠠᠨ ᠵᠢᠯ ᠤᠨ ᠳᠣᠲᠣᠷ᠎ᠠ ᠪᠠᠭᠰᠢ ᠠᠵᠢᠯᠲᠠᠨ ᠢ 3000 ᠣᠷᠴᠢᠮ | ᠡᠯᠰᠡᠵᠦ᠂ ᠠᠰᠫᠢᠷᠠᠨᠲ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ 500 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶ | ︵ᠠᠷᠪᠠᠨ ᠳᠥᠷᠪᠡ︶ ᠡᠮᠴᠢᠯᠡᠭᠡᠨ ᠤ ᠡᠬᠢ ᠪᠠᠶᠠᠯᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠭᠡᠬᠦ ᠶᠢ ᠠᠬᠢᠭᠤᠯᠤᠨ᠎ᠠ᠃ | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ | ᠡᠮᠨᠡᠯᠭᠡ ᠶᠢᠨ ᠬᠤᠷᠢᠶ᠎ᠠ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠶᠢᠨ 2 | ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠪᠠ 5 ᠤᠯᠤᠰ ᠤᠨ ᠠᠨᠠᠭᠠᠬᠤ ᠤᠬᠠᠭᠠᠨ ᠤ ᠬᠤᠪᠢᠶᠠᠷᠢ ᠲᠥᠪ ᠢ ᠪᠠᠶᠢᠭᠤᠯᠵᠤ᠂ ᠡᠮᠴᠢᠯᠡᠭᠡᠨ ᠤ | ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ 57 ᠶᠢ ᠪᠠᠶᠢᠭᠤᠯᠵᠤ᠂ ᠣᠯᠠᠨ ᠲᠦᠮᠡᠨ ᠢ ᠭᠡᠷ ᠤᠨ ᠡᠭᠦᠳᠡᠨ ᠳ᠋ᠦᠪᠠᠨ ᠥᠨᠳᠥᠷ ᠬᠢᠷᠢ ᠲᠦᠪᠰᠢᠨ ᠲᠠᠢ ᠠᠳᠠᠯᠢ ᠶᠠᠰᠤ | ᠴᠢᠨᠠᠷ ᠲᠠᠢ ᠡᠮᠴᠢᠯᠡᠭᠡᠨ ᠤ ᠦᠢᠯᠡᠴᠢᠯᠡᠭᠡ ᠬᠦᠷᠲᠡᠬᠦ ᠪᠣᠯᠭᠠᠨ᠎ᠠ᠃ ᠠᠵᠢᠯᠲᠠᠨ ᠠᠵᠢᠯᠴᠢᠨ ᠤ ᠡᠮᠴᠢᠯᠡᠭᠡᠨ ᠤ ᠪᠠᠲᠤᠯᠠᠭ᠎ᠠ ᠶᠢᠨ ᠡᠮᠨᠡᠯᠭᠡ ᠳᠤ ᠰᠠᠭᠤᠬᠤ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠲᠠᠩᠰᠠ ᠲᠠᠶᠢᠯᠬᠤ ᠬᠠᠷᠢᠴᠠᠯ ᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠠᠷᠪᠠᠨ ᠲᠠᠪᠤ︶ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠬᠥᠬᠡᠬᠤᠲᠠ ᠶᠢᠨ ᠡᠷᠦᠬᠡ ᠠᠮᠠ ᠲᠠᠢ ᠭᠡᠷ ᠪᠦᠯᠢ ᠳᠤ ᠨᠢᠭᠡ ᠤᠳᠠᠭ᠎ᠠ ᠶᠢᠨ | ᠴᠢᠨᠠᠷᠲᠠᠢ ᠪᠠᠷ 5000 ᠲᠥᠭᠦᠷᠢᠭ ᠤᠨ ᠬᠡᠦᠬᠡᠳ ᠪᠣᠶᠢᠵᠢᠭᠤᠯᠬᠤ ᠨᠥᠬᠦᠪᠦᠷᠢ ᠣᠯᠭᠤᠨ᠎ᠠ᠃ ᠬᠡᠦᠬᠡᠳ ᠰᠠᠭᠠᠲᠠᠭᠤᠯᠬᠤ ᠭᠠᠵᠠᠷ ᠣᠷᠣᠭᠰᠠᠨ 3 ᠨᠠᠰᠤᠨ ᠠᠴᠠ | ᠳᠣᠷᠣᠭᠰᠢᠬᠢ ᠨᠢᠯᠬ᠎ᠠ ᠬᠡᠦᠬᠡᠳ ᠤᠨ ᠲᠤᠭ᠎ᠠ ᠪᠠᠷ ᠰᠠᠭᠠᠲᠠᠭᠤᠯᠵᠤ ᠬᠥᠮᠥᠵᠢᠭᠦᠯᠬᠦ ᠪᠠᠶᠢᠭᠤᠯᠤᠮᠵᠢ ᠳᠤ ᠬᠥᠮᠥᠨ ᠪᠦᠷᠢ ᠶᠢᠨ ᠵᠢᠯ ᠳᠤ 600 ᠲᠥᠭᠦᠷᠢᠭ ᠤᠨ | ᠠᠰᠠᠷᠠᠵᠤ ᠬᠠᠷᠠᠭᠠᠯᠵᠠᠬᠤ ᠨᠥᠬᠦᠪᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠳᠥᠷᠪᠡ᠂ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠭᠠᠷᠭᠠᠨ᠎ᠠ | ︵ᠠᠷᠪᠠᠨ ᠵᠢᠷᠭᠤᠭ᠎ᠠ︶ ᠠᠷᠠᠳ ᠲᠤ ᠲᠥᠬᠦᠮ ᠦᠵᠡᠭᠦᠯᠬᠦ ᠴᠣᠩᠬᠤᠨ ᠤ ᠦᠢᠯᠡᠴᠢᠯᠡᠭᠡ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠴᠥᠮ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠴᠣᠩᠬᠤ ᠭᠠᠷᠭᠠᠵᠤ᠂ | ᠨᠡᠶᠢᠭᠡᠮ ᠤᠨ ᠳᠠᠭᠠᠳᠬᠠᠯ ᠤᠨ ᠺᠠᠷᠲ ᠭᠤᠶᠤᠴᠢᠯᠠᠨ ᠠᠪᠬᠤ᠂ ᠣᠨᠳᠣᠣ ᠭᠠᠵᠠᠷ ᠲᠤ ᠡᠮᠴᠢᠯᠡᠭᠦᠯᠬᠦ ᠶᠢ ᠪᠦᠷᠢᠳᠬᠡᠨ ᠳᠠᠩᠰᠠᠯᠠᠬᠤ ᠪᠠ ᠳ᠋ᠦᠩᠨᠡᠨ ᠪᠤᠳᠤᠬᠤ᠂ | ᠨᠡᠶᠢᠭᠡᠮ ᠤᠨ ᠳᠠᠭᠠᠳᠬᠠᠯ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠰᠢᠯᠵᠢᠭᠦᠯᠬᠦ ᠦᠷᠭᠦᠯᠵᠢᠯᠡᠭᠦᠯᠬᠦ᠂ ᠡᠷᠦᠬᠡ ᠠᠮᠠ ᠰᠢᠯᠵᠢᠭᠦᠯᠬᠦ᠂ ᠠᠵᠢᠯ ᠣᠯᠵᠤ | ᠦᠢᠯᠡᠰ ᠴᠣᠭᠴᠠᠯᠠᠬᠤ᠂ ᠣᠷᠤᠭ ᠤᠨ ᠳᠠᠩᠰᠠᠯᠠᠯᠲᠠ᠂ ᠦᠷᠡᠵᠢᠯ ᠤᠨ ᠳᠠᠩᠰᠠᠯᠠᠯᠲᠠ ᠵᠡᠷᠭᠡ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ | ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠲᠡ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ | ︵ᠠᠷᠪᠠᠨ ᠳᠣᠯᠤᠭ᠎ᠠ︶ ᠣᠯᠠᠨ ᠶᠠᠩᠵᠤ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠨᠢᠭᠡᠪᠦᠷᠢ ᠳᠤ ᠨᠡᠭᠦᠳᠡᠯ ᠬᠥᠮᠥᠨ | ᠠᠮᠠ ᠶᠢᠨ ᠦᠢᠯᠡᠴᠢᠯᠡᠭᠡᠨ ᠤ ᠥᠷᠲᠡᠭᠡ ᠪᠠᠶᠢᠭᠤᠯᠤᠨ᠂ ︽ᠤᠯᠠᠭᠠᠨ ᠠᠨᠠᠷ ᠥᠷᠲᠡᠭᠡ︾ ᠶᠢ ᠡᠭᠦᠳᠴᠦ᠂ ᠭᠠᠳᠠᠨ᠎ᠠ ᠠᠴᠠ ᠢᠷᠡᠭᠰᠡᠨ ᠨᠡᠭᠦᠳᠡᠯ ᠬᠥᠮᠥᠨ | ᠠᠮᠠ ᠳᠤ ᠭᠡᠷ ᠪᠠᠶᠢᠰᠢᠩ ᠲᠦᠷᠢᠶᠡᠰᠦᠯᠡᠬᠦ᠂ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ᠂ ᠠᠵᠢᠯ ᠣᠯᠵᠤ ᠦᠢᠯᠡᠰ ᠴᠣᠭᠴᠠᠯᠠᠬᠤ᠂ ᠬᠠᠤᠯᠢ ᠴᠠᠭᠠᠵᠠ ᠶᠢᠨ | ᠲᠤᠰᠠᠯᠠᠮᠵᠢ ᠦᠵᠡᠭᠦᠯᠬᠦ᠂ ᠬᠤᠲᠠ ᠳᠤ ᠠᠭᠤᠰᠤᠯᠴᠠᠬᠤ ᠵᠡᠷᠭᠡ ᠦᠢᠯᠡᠴᠢᠯᠡᠭᠡ ᠬᠠᠩᠭᠠᠨ᠎ᠠ᠃ ᠬᠤᠰᠢᠭᠤ ᠰᠢᠶᠠᠨ ᠲᠣᠭᠤᠷᠢᠭ ᠲᠤ ︽ᠰᠤᠯᠠ ᠠᠵᠢᠯ ᠤᠨ ᠵᠠᠬ᠎ᠠ | ᠳᠡᠯᠭᠡᠭᠦᠷ︾ ᠢ ᠨᠡᠶᠢᠳᠡᠮ ᠪᠦᠷᠬᠦᠭᠦᠯᠦᠨ ᠪᠦᠲᠦᠭᠡᠨ ᠪᠠᠶᠢᠭᠤᠯᠵᠤ᠂ ᠰᠢᠶᠠᠩ ᠪᠠᠯᠭᠠᠰᠤ ᠵᠡᠭᠡᠯᠢ ᠭᠤᠳᠤᠮᠵᠢ ᠳᠤ ︽ᠵᠠᠯᠠᠭᠤᠴᠤᠳ ᠤᠨ ᠭᠡᠷ ᠪᠦᠯᠢ︾ ᠶᠢ ᠨᠡᠶᠢᠳᠡᠮ | ᠪᠦᠷᠬᠦᠭᠦᠯᠦᠨ ᠪᠦᠲᠦᠭᠡᠨ ᠪᠠᠶᠢᠭᠤᠯᠵᠤ᠂ ᠭᠠᠳᠠᠨ᠎ᠠ ᠠᠴᠠ ᠢᠷᠡᠵᠦ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠪᠠ ᠵᠠᠯᠠᠭᠤ ᠣᠶᠤᠲᠠᠳ ᠤᠨ ︽ᠨᠢᠭᠡ | ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠥᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ᠂ ᠬᠤᠲᠠ ᠶᠢᠨ ᠠᠷᠠᠳ ᠤᠨ | ᠶᠠᠪᠤᠳᠠᠯ ᠤᠨ ᠲᠣᠪᠴᠢᠶ᠎ᠠ᠂ ᠬᠤᠲᠠ ᠶᠢᠨ ᠡᠪᠯᠡᠯ ᠤᠨ ᠬᠤᠷᠢᠶ᠎ᠠ︶ | ︵ᠠᠷᠪᠠᠨ ᠨᠠᠢᠮᠠ︶ ᠬᠤᠲᠠ ᠪᠠᠯᠭᠠᠰᠤᠨ ᠳᠤ ᠡᠷᠦᠬᠡ ᠠᠮᠠ ᠣᠷᠣᠭᠤᠯᠬᠤ ᠶᠢ ᠪᠥᠬᠦ ᠲᠠᠯ᠎ᠠ ᠪᠠᠷ ᠴᠢᠯᠦᠭᠡᠲᠡᠢ ᠪᠣᠯᠭᠠᠵᠤ᠂ ᠡᠷᠦᠬᠡ ᠠᠮᠠ ᠣᠷᠣᠭᠤᠯᠬᠤ | ᠬᠥᠮᠥᠨ ᠤ ᠬᠦᠰᠡᠯ ᠰᠠᠨᠠᠭ᠎ᠠ ᠶᠢ ᠦᠨᠳᠦᠰᠦᠯᠡᠨ ᠣᠷᠣᠭᠤᠯᠵᠤ ᠪᠣᠯᠬᠤ ᠶᠢ ᠪᠦᠬᠦᠨ ᠢ ᠣᠷᠣᠭᠤᠯᠵᠤ ᠥᠭᠭᠦᠨ᠎ᠡ᠃ ᠣᠷᠣᠰᠢᠨ ᠰᠠᠭᠤᠬᠤ ᠦᠨᠡᠮᠯᠡᠯ ᠢ | ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠵᠦ᠂ ᠨᠢᠭᠡ ᠬᠤᠲᠠ ᠶᠢᠨ ᠦᠢᠯᠡᠴᠢᠯᠡᠭᠡᠨ ᠤ ᠵᠦᠢᠯᠡᠰ ᠤᠨ ᠭᠦᠢᠴᠡᠳᠬᠡᠪᠡᠰᠦ ᠵᠣᠬᠢᠬᠤ ᠶᠢ ᠨᠢ ᠪᠦᠬᠦᠨ ᠢ | ᠭᠦᠢᠴᠡᠳᠬᠡᠬᠦ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ︶ | | |